ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠶ᠋ᠢᠷ ᠬᠤᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠤᠷᠭ᠋ᠠᠭᠤᠯᠢ ᠵᠢᠨ ᠬᠦᠷᠢᠶᠡᠨ᠎ᠤ 《ᠰᠤᠷᠤᠯᠭ᠎ᠠ ᠬᠠᠮᠠᠭ᠋ᠠᠯᠠᠬᠤ》 ᠰᠢᠨ᠎ᠡ ᠠᠶᠠᠨ ᠵᠠᠮ ᠵᠶ᠋ᠠᠨ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-04-14

    ᠬᠥᠯᠥᠨ ᠪᠤᠢ᠍ᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠥᠪᠰᠢᠨ᠎ᠢ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠭ᠋ᠠᠨ ᠠᠳᠬᠤᠪᠠ᠃ ᠰᠤᠷᠭ᠋ᠠᠭᠤᠯᠢ ᠡᠬᠢᠯᠡᠬᠦ ᠦᠶ᠎ᠡ ᠵᠢᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠬᠤ ᠵᠢᠨ ᠬᠠᠮᠲᠤ ᠭᠤᠤᠯᠳᠠᠯᠭ᠎ᠠ᠎ᠲᠠᠢ ᠠᠵᠢᠯ᠎ᠤᠨ ᠬᠤᠷᠠᠯ ᠳᠡᠭᠡᠷ᠎ᠡ ᠳᠠᠬᠢᠨ ᠳᠠᠪᠲᠠᠨ ᠴᠢᠬᠤᠯᠠᠴᠢᠯᠠᠨ ᠪᠠᠶ᠋ᠢᠷᠢᠯᠠᠭᠤᠯᠪᠠ᠃
2.jpg   


5.jpg


    《ᠠᠮᠤᠷ ᠠᠮᠤᠭᠤᠯᠠᠩᠲᠤ ᠰᠤᠷᠭ᠋ᠠᠭᠤᠯᠢ ᠵᠢᠨ ᠬᠦᠷᠢᠶ᠎ᠡ》 ᠵᠢᠨ ᠪᠥᠲᠥᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠵᠥᠷᠢᠴᠡᠯ ᠠᠶᠤᠯ ᠲᠦᠭᠰᠢᠭᠦᠷᠢ ᠵᠢ ᠠᠷᠢᠯᠭ᠋ᠠᠵᠤ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ》 ᠲᠤᠰᠬᠠᠶ ᠠᠵᠢᠯᠯᠠᠭ᠎ᠠ᠎ᠲᠠᠢ ᠤᠶᠠᠯᠳᠤᠭᠤᠯᠤᠨ᠂ ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠠᠮᠤᠷ᠎ᠢ ᠬᠠᠮᠠᠭ᠋ᠠᠯᠠᠬᠤ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠬᠠᠷᠢᠶᠠᠲᠤ ᠣᠷᠣᠨ᠎ᠤ ᠰᠤᠷᠭ᠋ᠠᠭᠤᠯᠢ᠎ᠳᠤ 《ᠲᠣᠤᠷ ᠲᠠᠲᠠᠬᠤ ᠮᠠᠶᠢᠭ》᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ 《ᠰᠤᠷᠭ᠋ᠠᠭᠤᠯᠢ ᠵᠢᠨ ᠲᠡᠷᠭᠡ ᠵᠢᠨ ᠠᠶᠤᠯ ᠦᠭᠡᠢ᠂ ᠠᠮᠤᠷ᠎ᠢ ᠬᠠᠮᠠᠭ᠋ᠠᠯᠠᠭᠴᠢ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ᠂ ᠨᠢᠭᠡ ᠳᠠᠷᠤᠪᠴᠢᠲᠤ ᠲᠦᠭᠰᠢᠭᠦᠷᠢ ᠮᠡᠳᠡᠭᠦᠯᠬᠦ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠡᠯᠡᠳᠬᠡᠮᠵᠢ ᠵᠢᠨ ᠠᠵᠢᠯᠯᠠᠭ᠋ᠠᠨ ᠵᠡᠷᠭᠡ ᠲᠥᠷᠪᠡᠨ 100% ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠥᠬᠦ ᠲᠠᠯ᠎ᠠ᠎ᠪᠠᠷ ᠪᠠᠶ᠋ᠢᠴᠠᠭ᠋ᠠᠵᠤ᠂ ᠣᠷᠣᠰᠢᠵᠤ ᠪᠠᠶ᠋ᠢᠭ᠎ᠠ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠦᠬᠦᠨ᠎ᠢ ᠵᠢᠭᠰᠠᠭ᠋ᠠᠵᠤ᠂ ᠠᠰᠠᠭᠤᠳᠠᠯ᠎ᠤᠨ ᠨᠠᠷᠢᠨ ᠲᠠᠩᠰᠠ ᠪᠠᠶ᠋ᠢᠭᠤᠯᠤᠨ᠂ ᠴᠡᠭᠴᠡᠯᠡᠨ ᠰᠠᠶ᠋ᠢᠵᠢᠷᠠᠭᠤᠯᠬᠤ ᠠᠬᠢᠴᠠ ᠵᠢ ᠲᠥᠷᠭᠡᠳᠭᠡᠵᠦ᠂ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠴᠡᠭᠴᠡᠯᠡᠨ ᠰᠠᠶ᠋ᠢᠵᠢᠷᠠᠭᠤᠯᠬᠤ ᠵᠢ ᠦᠨᠡᠨ ᠬᠦ᠌ ᠪᠠᠲᠤᠯᠠᠪᠠ᠃

 

ᠢᠷᠡᠯᠲᠡ᠄ ᠭᠦᠯᠦᠨ ᠪᠤᠢ᠌ᠷ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ