3 ᠳ᠋ᠤᠭ᠋ᠠᠷ ᠰᠠᠷ᠎ᠠ ᠵᠢᠨ 3᠎ᠤ ᠡᠳᠦᠷ᠂ ᠪᠤᠭᠤᠲᠤ ᠬᠣᠲᠠ᠎ᠳᠤ ᠪᠣᠷᠣᠭ᠋ᠠᠨ ᠴᠠᠰᠤ ᠬᠣᠯᠢᠯᠳᠦᠨ ᠣᠷᠤᠭᠰᠠᠨ᠎ᠳᠤ᠂ ᠪᠤᠭᠤᠲᠤ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ 《ᠴᠠᠰᠤ》᠎ᠪᠠᠷ ᠵᠠᠷᠯᠢᠭ ᠪᠣᠯᠭ᠋ᠠᠵᠤ᠂ ᠪᠦᠬᠦ ᠴᠠᠭᠳᠠᠭ᠎ᠠ ᠨᠠᠷ ᠵᠡᠭᠡᠯᠢ᠎ᠳᠤ ᠭᠠᠷᠴᠤ ᠬᠤᠷᠠᠭᠰᠠᠨ ᠴᠠᠰᠤ ᠵᠢ ᠠᠷᠢᠯᠭ᠋ᠠᠨ᠂ ᠴᠠᠰᠤ ᠬᠠᠢ᠍ᠯᠠᠭᠤᠯᠬᠤ ᠡᠳ᠋ ᠰᠠᠴᠤᠵᠤ᠂ ᠠᠮᠤᠷ ᠲᠥᠪᠰᠢᠨ᠎ᠤ ᠳᠠᠯᠳᠠ ᠭᠡᠮ᠎ᠢ ᠴᠠᠭ ᠲᠤᠬᠠᠢᠳᠤᠨᠢ ᠠᠷᠢᠯᠭ᠋ᠠᠪᠠ᠃

ᠪᠤᠭᠤᠲᠤ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ 《ᠴᠠᠭ᠋ᠠᠨ ᠬᠤᠶᠠᠭ》 ᠨᠥᠮᠥᠷᠴᠦ᠂ ᠮᠥᠰᠥ ᠴᠠᠰᠤᠨ᠎ᠠᠴᠠ ᠠᠶᠤᠬᠤ ᠦᠭᠡᠢ᠂ ᠰᠠᠯᠬᠢ ᠰᠥᠷᠦᠨ ᠵᠢᠭᠰᠠᠭ᠋ᠠᠯ ᠵᠶ᠋ᠠᠨ ᠪᠠᠲᠤ ᠰᠠᠬᠢᠵᠤ᠂ ᠨᠠᠭ᠋ᠠᠰᠢ ᠴᠠᠭ᠋ᠠᠰᠢ ᠥᠩᠭᠡᠷᠡᠬᠦ ᠣᠯᠠᠨ ᠲᠦᠮᠡᠨ ᠪᠣᠯᠤᠨ ᠲᠡᠷᠭᠡ ᠬᠥᠰᠭᠡ ᠵᠢᠨ ᠠᠶᠤᠯ ᠦᠭᠡᠢ ᠪᠠᠢ᠌ᠬᠤ ᠵᠢ ᠪᠠᠳᠤᠯᠠᠵᠤ᠂ ᠵᠠᠮ ᠬᠠᠷᠢᠯᠴᠠᠭ᠋ᠠᠨ᠎ᠤ ᠡᠨᠳᠡᠯ ᠭᠠᠷᠬᠤ ᠵᠢ ᠰᠡᠷᠭᠡᠢ᠌ᠯᠡᠭᠰᠡᠨ ᠮᠥᠷᠳᠡᠬᠡᠨ ᠪᠠᠭ᠋ᠠᠰᠬᠠᠪᠠ᠃