ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠥᠯᠵᠡᠶ᠋ᠢᠲᠦ ᠡᠳᠦᠷ᠎ᠤᠨ ᠪᠠᠶᠠᠷ᠎ᠤᠨ ᠠᠮᠤᠷ᠎ᠢ ᠬᠠᠮᠠᠭ᠋ᠠᠯᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠥᠷᠨᠢᠭᠦᠯᠪᠡ
ᠨᠡᠶ᠋ᠢᠲᠡᠯᠡᠭᠰᠡᠨ ᠴᠠᠭ᠄ 2025-04-14

    ᠦᠬᠠᠶ ᠬᠣᠲᠠ ᠵᠢᠨ ᠥᠯᠵᠡᠶ᠋ᠢᠲᠦ ᠡᠳᠦᠷ᠎ᠤᠨ ᠪᠠᠶᠠᠷ᠎ᠢ ᠪᠡᠯᠭᠡᠯᠡᠬᠦ ᠰᠢᠷᠢᠰ ᠠᠵᠢᠯᠯᠠᠭ᠎ᠠ ᠵᠢᠨ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠦᠷ ᠴᠠᠭ᠎ᠤᠨ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠪᠠ 《ᠳᠣᠤᠷ᠎ᠠ ᠤᠳᠠᠭ᠋ᠠᠨ ᠪᠠᠭ᠎ᠠ》 ᠠᠭ᠋ᠠᠷ᠎ᠤᠨ ᠨᠢᠰᠦᠭᠦᠷ ᠵᠡᠷᠭᠡ ᠵᠢᠨ ᠬᠠᠮᠢᠶ᠎ᠠ ᠪᠥᠬᠥᠶ ᠣᠷᠣᠨ ᠪᠦᠰᠡ᠎ᠳᠤ ᠨᠢᠰᠬᠦ ᠵᠢ ᠲᠦᠷ ᠴᠠᠭ᠋ᠠᠵᠠᠯᠠᠬᠤ ᠵᠠᠷᠯᠠᠯ᠎ᠢ ᠤᠷᠢᠳᠴᠢᠯᠠᠨ ᠨᠡᠶ᠋ᠢᠲᠡᠯᠡᠪᠡ᠃
微信图片_20250218163858.jpg   


微信图片_20250218164018.jpg   


    ᠪᠦᠬᠦ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠯ᠎ᠡ ᠱᠠᠲᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠦᠷ ᠴᠠᠭ᠎ᠤᠨ ᠵᠠᠮ ᠬᠠᠷᠢᠯᠴᠠᠭ᠎ᠠ ᠵᠢ ᠬᠠᠮᠢᠶᠠᠷᠤᠨ ᠡᠵᠡᠮᠳᠡᠬᠦ ᠠᠷᠭ᠎ᠠ ᠠᠪᠴᠤ᠂ 《ᠬᠢᠨᠡᠨ ᠡᠵᠡᠮᠳᠡᠭᠦᠷ ᠵᠶ᠋ᠡᠷ ᠰᠢᠨᠵᠢᠯᠡᠨ ᠪᠠᠶ᠋ᠢᠴᠠᠭ᠋ᠠᠬᠤ + ᠵᠢᠯᠣᠭᠣᠴᠢ ᠥᠬᠡᠶ ᠨᠢᠰᠬᠡᠯ ᠵᠶ᠋ᠠᠷ ᠲᠣᠭᠣᠷᠢᠨ ᠴᠠᠭᠳᠠᠬᠤ + ᠮᠠᠰᠢᠨ ᠳᠡᠷᠭᠡ ᠪᠠ ᠶᠠᠪᠠᠭ᠋ᠠᠨ ᠵᠶ᠋ᠠᠷ ᠴᠠᠭᠳᠠᠬᠤ》 ᠪᠡᠶᠡᠲᠦ ᠴᠤᠭᠴᠠᠲᠤ ᠰᠡᠷᠭᠡᠶ᠋ᠢᠯᠡᠨ ᠡᠵᠡᠮᠳᠡᠬᠦ ᠵᠢ ᠬᠡᠷᠡᠭᠵᠢᠭᠦᠯᠵᠦ᠂ ᠬᠤᠸᠠᠷ ᠫᠤᠤᠵᠢᠩ᠎ᠤᠨ ᠦᠵᠡᠭᠦᠯᠭᠡ ᠵᠢᠨ ᠣᠷᠭᠢᠯ ᠦᠶ᠎ᠡ ᠵᠢᠨ ᠬᠥᠮᠦᠨ ᠪᠠ ᠳᠡᠷᠭᠡᠨ᠎ᠤ ᠤᠷᠤᠰᠬᠠᠯ᠎ᠢ ᠬᠥᠳᠡᠯᠦᠩᠭᠦᠶ᠎ᠪᠠᠷ ᠬᠥᠲᠥᠯᠥᠨ ᠵᠢᠯᠣᠭᠣᠳᠴᠤ᠂ ᠬᠦᠨᠳᠦ ᠶᠡᠬᠡ ᠵᠠᠮ ᠬᠠᠷᠢᠯᠴᠠᠭ᠋ᠠᠨ᠎ᠤ ᠡᠨᠳᠡᠯ ᠪᠠ ᠶᠡᠬᠡ ᠬᠡᠪᠴᠢᠶᠡᠨ᠎ᠤ ᠲᠦᠭᠵᠢᠷᠡᠯ  ᠭᠠᠷᠭ᠋ᠠᠭᠰᠠᠨ ᠦᠭᠡᠢ ᠮᠥᠷᠳᠡᠬᠡᠨ ᠥᠯᠵᠡᠶ᠋ᠢᠲᠦ ᠡᠳᠦᠷ᠎ᠤᠨ ᠪᠠᠶᠠᠷ᠎ᠢ ᠪᠡᠯᠭᠡᠯᠡᠬᠦ ᠰᠢᠷᠢᠰ ᠠᠵᠢᠯᠯᠠᠭ᠎ᠠ ᠵᠢᠨ ᠡᠮᠬᠢ ᠵᠢᠷᠤᠮ᠎ᠲᠠᠢ ᠶᠠᠪᠤᠭᠳᠠᠬᠤ ᠵᠢ  ᠪᠠᠳᠤᠯᠠᠪᠠ᠃
  

 

ᠢᠷᠡᠯᠲᠡ᠄ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ