4 ᠳ᠋ᠦ᠍ᠭᠡᠷ ᠰᠠᠷ᠎ᠠ ᠵᠢᠨ 16᠎ᠤ ᠡᠳᠦᠷ᠎ᠠᠴᠠ 18᠎ᠤ ᠡᠳᠦᠷ ᠪᠣᠯᠲᠠᠯ᠎ᠠ᠂ ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠥ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠦᠨᠡᠨᠴᠢ ᠰᠢᠳᠤᠷᠭᠤ ᠬᠥᠮᠦᠵᠢᠯ᠎ᠤᠨ ᠲᠤᠰᠬᠠᠶ ᠰᠡᠳᠦᠪᠲᠦ ᠪᠣᠯᠪᠠᠰᠤᠷᠠᠯ ᠵᠢᠴᠢ 2025 ᠣᠨ᠎ᠤ ᠨᠢᠭᠡᠳᠦᠭᠡᠷ ᠬᠤᠭᠤᠴᠠᠭ᠋ᠠᠨ᠎ᠤ ᠤᠯᠤᠰ ᠲᠥᠷᠥ ᠵᠢᠨ ᠡᠭᠡᠯᠵᠢᠯᠡᠯ᠎ᠲᠦ ᠪᠣᠯᠪᠠᠰᠤᠷᠠᠯ ᠬᠢᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠴᠢᠨᠠᠷ ᠰᠠᠶ᠋ᠢᠲᠠᠶ ᠤᠯᠤᠰ ᠲᠥᠷᠥ ᠵᠢᠨ ᠡᠭᠡᠯᠵᠢᠯᠡᠨ ᠪᠣᠯᠪᠠᠰᠤᠷᠠᠯᠲᠠ᠎ᠪᠠᠷ 《ᠡᠩᠨᠡᠭᠡ ᠵᠢᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠣᠨ》 ᠪᠠ 《ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠣᠨ》᠎ᠤ ᠠᠵᠢᠯᠯᠠᠭ᠎ᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠪᠠ᠃ ᠲᠣᠰ ᠤᠳᠠᠭ᠋ᠠᠨ᠎ᠤ ᠡᠭᠡᠯᠵᠢᠯᠡᠨ ᠪᠣᠯᠪᠠᠰᠤᠷᠠᠭᠤᠯᠬᠤ ᠠᠵᠢᠯ᠎ᠨᠢ ᠤᠯᠤᠰ ᠲᠥᠷᠥ ᠵᠢᠨ ᠪᠠᠶ᠋ᠢᠭᠤᠯᠤᠯᠲᠠ ᠵᠢᠨ ᠭᠤᠤᠯᠳᠠᠯᠭ᠎ᠠ᠂ ᠬᠢᠴᠢᠶᠡᠯ᠎ᠤᠨ ᠠᠭᠤᠯᠭ᠎ᠠ ᠡᠯᠪᠡᠭ᠂ ᠪᠠᠭᠰᠢ ᠵᠢᠨ ᠡᠩᠨᠡᠭᠡ ᠬᠦᠴᠦᠷᠬᠡᠭ᠂ ᠵᠢᠭ᠋ᠠᠨ ᠰᠤᠷᠭ᠋ᠠᠯᠲᠠ ᠵᠢᠨ ᠠᠷᠭ᠎ᠠ ᠬᠡᠯᠪᠡᠷᠢ ᠣᠯᠠᠨ ᠶᠠᠩᠵᠤ ᠵᠢᠨ ᠪᠠᠶ᠋ᠢᠳᠠᠭ᠎ᠲᠠᠢ ᠨᠢᠭᠲᠠ ᠤᠶᠠᠯᠳᠤᠭᠤᠯᠤᠨ᠂ ᠪᠥᠬᠥ ᠴᠠᠭᠳᠠᠭ᠎ᠠ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠢᠲᠡᠭᠡᠯ ᠪᠢᠰᠢᠷᠡᠯ᠎ᠤᠨ ᠰᠠᠭᠤᠷᠢ ᠵᠢ ᠪᠠᠲᠤ ᠲᠠᠯᠪᠢᠵᠤ᠂ ᠣᠶᠤᠨ ᠰᠠᠨᠠᠭ᠋ᠠᠨ᠎ᠤ ᠺᠠᠯᠼ᠎ᠢ ᠭᠦᠢ᠍ᠴᠡᠳ ᠨᠥᠬᠥᠪᠥᠷᠢᠯᠡᠵᠦ᠂ ᠦᠵᠡᠯ ᠰᠠᠨᠠᠭ᠋ᠠᠨ᠎ᠤ ᠵᠠᠯᠠᠭᠤᠷ᠎ᠢ ᠯᠠᠪᠳᠠᠭᠤᠨ ᠡᠵᠡᠮᠳᠡᠵᠦ᠂ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠭᠦᠷᠭᠡᠲᠦ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ ᠵᠢ ᠪᠦᠲᠦᠮᠵᠢᠲᠡᠶ ᠬᠥᠭᠵᠢᠭᠡᠵᠦ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠦᠨᠡᠨ ᠬᠦ᠌ ᠬᠤᠪᠢᠷᠠᠭᠤᠯᠪᠠ᠃

ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠣᠳᠴᠤ ᠰᠠᠭᠤᠷᠢ ᠵᠢ ᠪᠡᠬᠢᠵᠢᠭᠦᠯᠪᠡ᠃ ᠡᠭᠡᠯᠵᠢᠯᠡᠨ ᠪᠣᠯᠪᠠᠰᠤᠷᠠᠭᠤᠯᠬᠤ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠯᠠᠱ᠌ᠠ ᠠᠶ᠋ᠢᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭ᠋ᠠᠭᠤᠯᠢ ᠵᠢᠨ ᠯᠧᠺᠲ᠋ᠣᠷ ᠲᠣᠰ ᠲᠣᠰ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠂ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ ᠵᠡᠷᠭᠡ ᠠᠭᠤᠯᠭ᠎ᠠ ᠵᠢᠨ ᠲᠤᠬᠠᠶ ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠣᠳᠪᠠ᠃ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠨ 《ᠳᠣᠲᠣᠭ᠋ᠠᠳᠤ ᠵᠢ ᠬᠠᠮᠠᠭ᠋ᠠᠯᠠᠬᠤ ᠦᠨᠡᠨᠴᠢ ᠰᠢᠳᠤᠷᠭᠤ ᠪᠠᠶ᠋ᠢᠬᠤ ᠬᠥᠮᠦᠵᠢᠯ》 ᠵᠶ᠋ᠠᠷ ᠭᠤᠤᠯ ᠰᠡᠳᠦᠪ ᠪᠣᠯᠭ᠋ᠠᠵᠤ᠂ ᠴᠠᠭᠳᠠᠭ᠋ᠠᠨ᠎ᠤ ᠰᠦᠭ ᠰᠦᠨᠡᠰᠦ ᠵᠢ ᠪᠠᠲᠤ ᠰᠠᠬᠢᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠣᠳᠣᠷᠬᠠᠶ᠋ᠢᠯᠠᠨ ᠥᠭᠦᠯᠡᠪᠡ᠃ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠣᠨᠣᠯ᠎ᠤᠨ ᠰᠤᠷᠤᠯᠴᠠᠯᠭ᠎ᠠ ᠳᠤᠮᠳᠠ ᠦᠨᠡᠨᠴᠢ ᠰᠢᠳᠤᠷᠭᠤ ᠵᠢᠨ ᠠᠭᠤᠯᠤᠭᠳᠠᠬᠤᠨ᠎ᠢ ᠣᠶ᠋ᠢᠯᠠᠭ᠋ᠠᠵᠤ᠂ ᠪᠣᠳᠠᠲᠠᠶ ᠠᠵᠢᠯ᠎ᠤᠨ ᠳᠤᠮᠳᠠ ᠦᠨᠡᠨᠴᠢ ᠰᠢᠳᠤᠷᠭᠤ ᠪᠠᠶ᠋ᠢᠬᠤ ᠲᠠᠩᠭ᠋ᠠᠷᠢᠭ ᠵᠶ᠋ᠠᠨ ᠦᠢ᠍ᠯᠡᠳᠦᠯᠭᠡᠵᠢᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ᠎ᠳᠤ᠎ᠪᠠᠨ ᠦᠨᠡᠨᠴᠢ ᠰᠢᠳᠤᠷᠭᠤ ᠪᠠᠶ᠋ᠢᠬᠤ ᠦᠵᠡᠯ ᠰᠠᠨᠠᠭ᠋ᠠᠨ᠎ᠤ ᠰᠠᠭᠤᠷᠢ ᠵᠢ ᠪᠥᠬᠥ ᠬᠦᠴᠦᠨ ᠵᠶ᠋ᠠᠷ ᠵᠶ᠋ᠠᠨ ᠪᠡᠬᠢᠵᠢᠭᠦᠯᠪᠡ᠃
ᠲᠣᠰ ᠤᠳᠠᠭ᠋ᠠᠨ᠎ᠤ ᠡᠭᠡᠯᠵᠢᠯᠡᠨ ᠪᠣᠯᠪᠠᠰᠤᠷᠠᠭᠤᠯᠬᠤ ᠠᠵᠢᠯ᠎ᠳᠤ ᠤᠯᠤᠰ ᠲᠥᠷᠥ ᠵᠢᠨ ᠣᠨᠣᠯ᠎ᠤᠨ ᠰᠤᠷᠤᠯᠴᠠᠯᠭ᠎ᠠ ᠵᠢᠨ ᠪᠣᠳᠠᠲᠤ ᠪᠦᠲᠦᠮᠵᠢᠲᠦ ᠴᠢᠨᠠᠷ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠣᠯᠪᠠᠰᠤᠷᠠᠯ᠎ᠳᠤ ᠣᠷᠣᠯᠴᠠᠭᠰᠠᠨ ᠪᠥᠬᠥ ᠬᠥᠮᠦᠰ᠎ᠢ ᠵᠣᠬᠢᠶᠠᠨ ᠪᠠᠶ᠋ᠢᠭᠤᠯᠵᠤ 《ᠦᠨᠡᠨᠴᠢ ᠰᠢᠳᠤᠷᠭᠤ ᠵᠢᠨ ᠬᠥᠮᠦᠵᠢᠯ》 ᠭᠡᠬᠦ ᠡᠨᠡ ᠬᠦ᠌ ᠭᠤᠤᠯ ᠰᠡᠳᠦᠪ᠎ᠤᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ᠎ᠢ ᠢᠳᠡᠪᠬᠢᠲᠡᠶ ᠥᠷᠨᠢᠭᠦᠯᠪᠡ᠃ ᠶᠠᠷᠢᠯᠴᠠᠬᠤ ᠳᠤᠮᠳᠠ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠢᠯᠦᠭᠡᠲᠡᠢ ᠶᠠᠷᠢᠵᠤ᠂ ᠰᠠᠨᠠᠭ᠎ᠠ ᠪᠣᠳᠣᠯ᠎ᠤᠨ ᠰᠣᠯᠢᠯᠴᠠᠭ᠎ᠠ᠎ᠠᠴᠠ ᠣᠶᠤᠨ ᠤᠬᠠᠭ᠋ᠠᠨ᠎ᠤ ᠣᠴᠢ ᠦᠰᠦᠷᠴᠦ᠂ ᠣᠯᠠᠨ ᠠᠷᠪᠢᠨ ᠬᠠᠮᠲᠤ ᠵᠢᠨ ᠲᠠᠨᠢᠯᠲᠠ ᠵᠢ ᠨᠢᠭᠡᠳᠬᠡᠵᠦ᠂ ᠤᠯᠤᠰ ᠲᠥᠷᠥ ᠵᠢᠨ ᠣᠨᠣᠯ᠎ᠤᠨ ᠰᠤᠷᠤᠯᠴᠠᠯᠭ᠎ᠠ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠠᠷᠠᠯᠲᠠ ᠵᠢ ᠪᠡᠶᠡᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠡᠭᠦᠷᠭᠡ ᠬᠠᠷᠢᠭᠤᠴᠠᠯᠭ᠎ᠠ᠎ᠪᠠᠨ ᠨᠠᠩ ᠰᠠᠶ᠋ᠢᠲᠤᠷ ᠭᠦᠢ᠍ᠴᠡᠳᠬᠡᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

ᠪᠠᠭ᠋ᠠᠲᠤᠷ ᠵᠢᠱ᠌ᠢᠶᠡᠴᠢ ᠵᠢᠨ ᠦᠢ᠍ᠯᠡ ᠠᠵᠢᠯᠯᠠᠭ᠎ᠠ᠎ᠪᠠᠷ ᠴᠠᠭᠳᠠᠭ᠋ᠠᠨ᠎ᠤ ᠰᠦᠭ ᠰᠦᠨᠡᠰᠦ ᠵᠢ ᠱᠤᠭᠤᠪᠠ᠃ ᠪᠣᠯᠪᠠᠰᠤᠷᠠᠯ᠎ᠤᠨ ᠠᠭᠤᠯᠭ᠎ᠠ ᠵᠢᠨ ᠲᠣᠬᠢᠷᠠᠭᠤᠯᠤᠯᠲᠠ ᠶᠣᠰᠣᠭ᠋ᠠᠷ᠂ ᠠᠯᠠᠱ᠌ᠠ ᠵᠢᠨ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠠᠯᠠᠱ᠌ᠠ ᠵᠡᠭᠦᠨ ᠬᠣᠰᠢᠭᠤᠨ᠎ᠤ ᠬᠢᠯᠢ ᠵᠢᠨ ᠬᠠᠮᠢᠶᠠᠷᠤᠯᠲᠠ ᠵᠢᠨ ᠶᠡᠬᠡ ᠠᠩᠭᠢ ᠵᠢᠨ ᠭᠤᠷᠪᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ ᠰᠢᠶᠤᠤ ᠫᠸᠩ ᠰᠤᠸᠠᠨᠵᠢᠩᠽᠢ ᠲᠣᠮᠢᠯᠠᠭᠰᠠᠨ ᠰᠠᠯᠪᠤᠷᠢ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠶᠠᠷᠢᠵᠤ᠂ ᠰᠤᠸᠠᠨᠵᠢᠩᠽᠢ ᠲᠣᠮᠢᠯᠠᠭᠰᠠᠨ ᠰᠠᠯᠪᠤᠷᠢ ᠵᠢᠨ ᠦᠶ᠎ᠡ ᠦᠶ᠎ᠡ ᠵᠢᠨ ᠠᠷᠠᠳ᠎ᠤᠨ ᠴᠠᠭᠳᠠᠭ᠎ᠠ ᠵᠢᠨ ᠠᠮᠢ ᠨᠠᠰᠤᠨ᠎ᠤ ᠬᠣᠷᠢᠭ᠋ᠠᠲᠤ ᠣᠷᠣᠨ᠎ᠳᠤ ᠦᠨᠳᠦᠰᠦᠯᠡᠵᠦ᠂ ᠬᠢᠯᠢ ᠵᠢᠨ ᠪᠣᠭᠣᠮᠲᠠ᠎ᠳᠤ ᠦᠨᠡᠨᠴᠢ᠎ᠪᠠᠷ ᠰᠠᠬᠢᠵᠤ ᠰᠠᠭᠤᠭᠰᠠᠨ ᠰᠡᠳᠬᠢᠯ ᠬᠥᠳᠡᠯᠭᠡᠮ᠎ᠡ ᠥᠯᠢᠭᠡᠷ᠎ᠢ ᠬᠤᠪᠢᠶᠠᠯᠴᠠᠵᠤ᠂ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠰᠤᠸᠠᠨᠵᠢᠩᠽᠢ ᠲᠣᠮᠢᠯᠠᠭᠰᠠᠨ ᠰᠠᠯᠪᠤᠷᠢ ᠵᠢᠨ ᠬᠦᠴᠢᠷ ᠪᠡᠷᠬᠡᠰᠢᠶᠡᠯ᠎ᠠᠴᠠ ᠠᠶᠤᠬᠤ ᠥᠬᠡᠶ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠬᠦ 《ᠳ᠋ᠠ ᠬᠣᠩ ᠱᠠᠨ᠎ᠤ ᠵᠣᠷᠢᠭ ᠰᠠᠨᠠᠭ᠎ᠠ》 ᠵᠢ ᠰᠤᠷᠤᠯᠴᠠᠬᠤ ᠵᠢ ᠵᠣᠷᠢᠭᠵᠢᠭᠤᠯᠪᠠ᠃
ᠪᠣᠯᠪᠠᠰᠤᠷᠠᠯ᠎ᠳᠤ ᠣᠷᠣᠯᠴᠠᠭᠰᠠᠨ ᠪᠥᠬᠥ ᠬᠥᠮᠦᠰ ᠪᠠᠰᠠ 《ᠴᠠᠭᠳᠠᠭ᠎ᠠ ᠪᠤᠶᠠᠨ》 ᠭᠡᠬᠦ ᠺᠢᠨᠣ᠋ ᠵᠢ ᠦᠵᠡᠵᠦ᠂ ᠭᠤᠤᠯ ᠪᠠᠭ᠋ᠠᠲᠤᠷ ᠪᠠᠶᠠᠨᠨᠠᠭᠤᠷ ᠬᠣᠲᠠ ᠵᠢᠨ ᠤᠷᠠᠳ᠎ᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠤᠬᠠᠦ᠋ᠨᠳᠦᠷ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠵᠢᠭ᠋ᠠᠨ ᠵᠢᠯᠣᠭᠣᠳᠣᠭᠴᠢ ᠪᠤᠶᠠᠨᠳᠡᠯᠭᠡᠷ ᠬᠣᠷᠢᠨ ᠬᠡᠳᠦᠨ ᠵᠢᠯ᠎ᠢ ᠨᠢᠭᠡ ᠯᠡ ᠡᠳᠦᠷ ᠮᠡᠲᠦ ᠥᠩᠭᠡᠷᠡᠭᠦᠯᠵᠦ᠂ 1672 ᠲᠡᠭᠰᠢ ᠳᠥᠷᠪᠡᠯᠵᠢᠨ ᠺᠢᠯᠣᠮᠧᠲᠷ᠎ᠤᠨ ᠭᠣᠪᠢ ᠨᠤᠲᠤᠭ᠎ᠲᠤ ᠬᠠᠷᠠᠮ ᠥᠬᠡᠶ ᠬᠤᠪᠢ ᠨᠡᠮᠡᠷᠢ ᠦᠵᠡᠭᠦᠯᠬᠦ ᠠᠷᠠᠳ᠎ᠤᠨ ᠲᠥᠯᠥᠭᠡ ᠵᠢᠳᠬᠦᠬᠦ ᠬᠠᠶ᠋ᠢᠷ᠎ᠠ ᠰᠡᠳᠬᠢᠯᠭᠡ ᠵᠢ ᠣᠶ᠋ᠢᠯᠠᠭ᠋ᠠᠪᠠ᠃ ᠺᠢᠨᠣ᠋ ᠦᠵᠡᠵᠦ ᠳᠠᠭᠤᠰᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠠᠷᠢᠯᠴᠠᠭ᠎ᠠ ᠥᠷᠨᠢᠭᠦᠯᠵᠦ᠂ ᠣᠯᠠᠨ ᠵᠶ᠋ᠠᠷ ᠵᠶ᠋ᠠᠨ᠂ ᠰᠤᠸᠠᠨᠵᠢᠩᠽᠢ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠪᠣᠯᠤᠨ ᠪᠤᠶᠠᠨᠳᠡᠯᠭᠡᠷ ᠵᠶ᠋ᠠᠷ ᠬᠡᠪ ᠳᠠᠭᠤᠷᠢᠶᠠᠯ ᠪᠣᠯᠭ᠋ᠠᠵᠤ᠂ ᠲᠡᠷᠢᠭᠦᠨ᠎ᠤ᠎ᠬᠢ᠎ᠲᠠᠢ ᠬᠠᠷᠭᠤᠭᠤᠯᠤᠨ ᠵᠥᠷᠢᠶ᠎ᠡ᠎ᠪᠠᠨ ᠡᠷᠢᠵᠦ᠂ ᠲᠣᠰ ᠪᠡᠶ᠎ᠡ ᠵᠢᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠵᠤ᠂ ᠪᠠᠭ᠋ᠠᠲᠤᠷ ᠵᠢᠱ᠌ᠢᠶᠡᠴᠢ ᠵᠢᠨ ᠵᠣᠷᠢᠭ ᠰᠠᠨᠠᠭ᠎ᠠ ᠵᠢ ᠰᠤᠷᠤᠯᠴᠠᠬᠤ ᠵᠢ ᠠᠵᠢᠯ ᠬᠢᠵᠦ ᠦᠢ᠍ᠯᠡᠰ ᠴᠣᠭᠴᠠᠯᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠤᠨ᠎ᠠ᠃ ᠠᠵᠢᠯ᠎ᠤᠨ ᠳᠤᠮᠳᠠ᠎ᠪᠠᠨ᠂ 《ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ》 ᠡᠭᠦᠷᠭᠡᠯᠡᠯ ᠵᠶ᠋ᠠᠷ᠂ ᠨᠡᠩ ᠯᠠᠪᠳᠠᠭᠤᠨ ᠬᠦᠴᠦᠲᠡᠢ ᠠᠵᠢᠯᠯᠠᠭ᠎ᠠ᠂ ᠪᠣᠳᠠᠲᠠᠢ ᠵᠢ ᠡᠷᠬᠢᠮᠯᠡᠬᠦ ᠥᠨᠳᠥᠷ ᠪᠦᠲᠦᠮᠵᠢᠲᠡᠢ ᠰᠤᠷᠲᠠᠯ ᠵᠶ᠋ᠠᠷ᠂ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠣᠷᠣᠯᠴᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠡᠪᠳᠡᠷᠡᠰᠢ ᠦᠭᠡᠢ ᠪᠠᠲᠤ ᠪᠡᠬᠢ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠨ᠎ᠠ ᠭᠡᠵᠦ ᠢᠯᠡᠳᠬᠡᠵᠡᠭᠡᠪᠡ᠃

ᠬᠤᠪᠢᠰᠬᠠᠯ᠎ᠤᠨ ᠲᠡᠦᠬᠡ᠎ᠪᠠᠷ ᠢᠲᠡᠭᠡᠯ ᠵᠣᠷᠢᠭ ᠵᠶ᠋ᠡᠨ ᠪᠠᠲᠤᠳᠬᠠᠪᠠ᠃ ᠪᠣᠯᠪᠠᠰᠤᠷᠠᠯ᠎ᠳᠤ ᠣᠷᠣᠯᠴᠠᠭᠰᠠᠨ ᠪᠥᠬᠥ ᠬᠥᠮᠦᠰ ᠠᠯᠠᠱ᠌ᠠ ᠠᠶ᠋ᠢᠮᠠᠭ᠎ᠤᠨ ᠬᠤᠪᠢᠰᠬᠠᠯ᠎ᠤᠨ ᠰᠣᠶᠣᠯ᠎ᠤᠨ ᠬᠥᠮᠦᠵᠢᠯ᠎ᠤᠨ ᠰᠠᠭᠤᠷᠢᠨ᠎ᠳᠤ ᠬᠦᠷᠴᠦ ᠬᠤᠪᠢᠰᠬᠠᠯ᠎ᠤᠨ ᠬᠥᠮᠦᠵᠢᠯ ᠬᠦᠷᠲᠡᠪᠡ᠃ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠳᠡᠯᠭᠡᠨ ᠦᠵᠡᠭᠦᠯᠬᠦ ᠣᠷᠳᠣᠨ ᠵᠶ᠋ᠠᠷ ᠲᠣᠭᠣᠷᠢᠨ ᠦᠵᠡᠬᠦ᠎ᠪᠠᠷ᠂ ᠬᠤᠪᠢᠰᠬᠠᠯ᠎ᠤᠨ ᠲᠡᠦᠬᠡ ᠵᠢ ᠡᠷᠭᠢᠴᠡᠭᠦᠯᠦᠨ᠂ ᠬᠤᠪᠢᠰᠬᠠᠯ᠎ᠤᠨ ᠬᠠᠶ᠋ᠢᠷ᠎ᠠ ᠰᠡᠳᠬᠢᠯᠭᠡ ᠵᠢ ᠡᠨᠡᠭᠰᠢᠵᠦ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠪᠠ᠃ ᠪᠣᠯᠪᠠᠰᠤᠷᠠᠯ᠎ᠳᠤ ᠣᠷᠣᠯᠴᠠᠭᠰᠠᠳ ᠪᠠᠰᠠ ᠡᠪᠯᠡᠯ᠎ᠤᠨ ᠪᠠᠶ᠋ᠢᠭᠤᠯᠤᠯᠲᠠ ᠵᠢ ᠥᠷᠭᠡᠳᠬᠡᠬᠦ ᠠᠵᠢᠯᠯᠠᠭ᠎ᠠ ᠥᠷᠨᠢᠭᠦᠯᠵᠦ᠂ 《ᠠᠯᠠᠱ᠌ᠠ ᠵᠢᠨ ᠡᠪ ᠬᠠᠮᠲᠤ ᠵᠢᠨ ᠢᠨᠲ᠋ᠧᠷᠨᠠᠼᠢᠣᠨᠠᠯ᠎ᠤᠨ ᠨᠢᠭᠤᠴᠠ ᠵᠠᠮ ᠳᠡᠨᠵᠢ ᠵᠢᠨ ᠫᠦᠰᠡ ᠦᠷᠳᠡᠭᠡ ᠵᠢᠨ ᠪᠠᠭᠤᠷᠢ》 ᠵᠢᠨ ᠳᠤᠷᠠᠰᠬᠠᠯ᠎ᠤᠨ ᠬᠦᠰᠢᠶ᠎ᠡ ᠵᠢᠨ ᠡᠮᠦᠨ᠎ᠡ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠠᠨ ᠲᠠᠬᠢᠨ ᠡᠷᠭᠢᠴᠡᠭᠦᠯᠵᠦ᠂ ᠨᠠᠮ᠎ᠳᠤ᠎ᠪᠠᠨ ᠬᠢᠵᠠᠭ᠋ᠠᠯᠠᠰᠢ ᠦᠭᠡᠢ ᠦᠨᠡᠨᠴᠢ ᠰᠢᠳᠤᠷᠭᠤ ᠪᠠᠶ᠋ᠢᠬᠤ᠎ᠪᠠᠨ ᠢᠯᠡᠳᠬᠡᠪᠡ᠃ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠨᠢᠭᠡ ᠵᠠᠮ ᠶᠠᠪᠤᠵᠤ᠂ ᠨᠢᠭᠡ ᠵᠠᠮ ᠦᠵᠡᠵᠦ᠂ ᠨᠢᠭᠡ ᠵᠠᠮ ᠰᠣᠨᠣᠰᠴᠤ᠂ ᠨᠢᠭᠡ ᠵᠠᠮ ᠰᠤᠷᠤᠯᠴᠠᠵᠤ᠂ ᠨᠢᠭᠡ ᠵᠠᠮ ᠤᠬᠠᠭ᠋ᠠᠷᠠᠵᠤ᠂ ᠡᠪ ᠬᠠᠮᠲᠤᠴᠤᠳ᠎ᠤᠨ ᠣᠷᠭᠢᠯᠤᠮ᠎ᠠ ᠬᠠᠯᠠᠭᠤᠨ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢᠴᠢ ᠬᠦᠴᠢᠷ ᠪᠡᠷᠬᠡᠰᠢᠶᠡᠯ ᠬᠠᠷᠰᠢ ᠰᠠᠭ᠋ᠠᠳ᠎ᠤᠨ ᠡᠮᠦᠨ᠎ᠡ ᠨᠤᠭᠤᠷᠠᠰᠢ ᠦᠭᠡᠢ ᠡᠷᠡᠯᠬᠡᠭ ᠪᠠᠭ᠋ᠠᠲᠤᠷᠯᠢᠭ ᠬᠤᠪᠢᠰᠬᠠᠯᠲᠤ ᠲᠡᠮᠡᠴᠡᠯ᠎ᠤᠨ ᠵᠣᠷᠢᠭ ᠰᠠᠨᠠᠭ᠎ᠠ ᠪᠣᠯᠤᠨ ᠶᠠᠭᠤᠨ᠎ᠠᠴᠠ ᠴᠤ᠌ ᠠᠶᠤᠬᠤ ᠦᠭᠡᠢ ᠬᠤᠪᠢᠰᠬᠠᠯᠲᠤ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠪᠠ᠃ ᠬᠣᠶ᠋ᠢᠰᠢᠳᠠ ᠨᠠᠩ ᠲᠡᠭᠦᠯᠳᠡᠷ ᠵᠣᠷᠢᠭ ᠰᠠᠨᠠᠭ᠎ᠠ᠂ ᠨᠠᠩ ᠢᠳᠡᠪᠬᠢᠲᠡᠶ ᠰᠡᠳᠬᠢᠴᠡ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠦᠢᠯᠡᠳᠦᠯᠭᠡᠵᠢᠭᠦᠯᠦᠨ᠎ᠡ ᠭᠡᠵᠡᠢ᠃