ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ DeepSeek ᠵᠠᠯᠭ᠋ᠠᠵᠤ ᠤᠶᠤᠨᠲᠤ AI ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-05-21

       ᠰᠢᠯᠢ ᠵᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠠᠯᠪᠠᠨ ᠲᠤᠰᠢᠶᠠᠯᠲᠠᠨ᠎ᠤ 《ᠰᠤᠷᠲᠠᠯ ᠵᠶ᠋ᠠᠨ ᠬᠤᠪᠢᠷᠠᠭᠤᠯᠬᠤ᠂ ᠶᠠᠰᠤ ᠴᠢᠨᠠᠷ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ᠂ ᠬᠥᠭᠵᠢᠯᠲᠡ ᠵᠢ ᠠᠬᠢᠭᠤᠯᠬᠤ》 ᠲᠤᠰᠬᠠᠶ ᠠᠵᠢᠯᠯᠠᠭ᠎ᠠ᠎ᠳᠤ ᠤᠯᠠᠮ ᠨᠢᠭᠡ ᠠᠯᠬᠤᠮ ᠵᠣᠬᠢᠴᠠᠭᠤᠯᠬᠤ ᠵᠢᠨ ᠲᠥᠯᠥᠭᠡ᠂ ᠠᠷᠠᠳ ᠣᠯᠠᠨ ᠵᠶ᠋ᠠᠷ ᠭᠤᠤᠯ ᠪᠣᠯᠭ᠋ᠠᠬᠤ ᠦᠢ᠍ᠯᠡᠴᠢᠯᠡᠭᠡᠨ᠎ᠤ ᠣᠨᠣᠯᠵᠢᠬᠤᠨ᠎ᠢ ᠯᠠᠪᠳᠠᠭᠤᠨ ᠪᠠᠲᠤᠲᠠᠶ ᠨᠠᠢ᠌ᠳᠠᠪᠤᠷᠢᠵᠢᠭᠤᠯᠪᠠ᠃ ᠣᠶ᠋ᠢᠷ᠎ᠠ᠎ᠳᠤ᠂ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ 《ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ 《DeepSeeek》 ᠰᠦᠯᠵᠢᠶᠡᠨ ᠳᠡᠭᠡᠷᠡᠬᠢ ᠬᠢᠮᠡᠯ ᠣᠶᠤᠨ᠎ᠤ ᠰᠢᠰᠲ᠋ᠧᠮ᠎ᠳᠤ ᠵᠢᠩᠬᠢᠨᠢ᠎ᠪᠠᠷ ᠵᠠᠯᠭ᠋ᠠᠭᠤᠯᠵᠤ᠂ AI ᠮᠡᠷᠭᠡᠵᠢᠯ ᠬᠢᠭᠡᠳ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ᠃

1891f7ede2dbbc7d6a6c6286ef72c6a9.jpg


     ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ ᠡᠭᠦᠳᠡ᠎ᠪᠠᠨ ᠬᠠᠭ᠋ᠠᠬᠤ ᠥᠬᠡᠶ᠂ ᠥᠪᠡᠰᠦᠪᠡᠨ ᠦᠢ᠍ᠯᠡᠴᠢᠯᠡᠬᠦ ᠦᠢ᠍ᠯᠡᠴᠢᠯᠡᠭᠡ ᠪᠦᠬᠦᠯᠢ ᠡᠳᠦᠷ ᠵᠶ᠋ᠠᠷ ᠵᠶ᠋ᠠᠨ ᠶᠠᠪᠤᠭᠳᠠᠨ᠎ᠠ᠃ ᠣᠯᠠᠨ ᠲᠦᠮᠡᠨ ᠳᠣᠲᠣᠭ᠋ᠠᠳᠤ ᠵᠢ ᠬᠠᠮᠠᠭ᠋ᠠᠯᠠᠬᠤ ᠴᠣᠩᠬᠣᠨ᠎ᠠᠴᠠ ᠠᠰᠠᠭᠤᠨ ᠯᠠᠪᠯᠠᠵᠤ ᠲᠤᠬᠠᠶ᠋ᠢᠯᠠᠭᠰᠠᠨ ᠠᠵᠢᠯ ᠵᠶ᠋ᠠᠨ ᠣᠶ᠋ᠢᠯᠠᠭ᠋ᠠᠬᠤ᠎ᠳᠤ᠎ᠪᠠᠨ ᠸᠢᠴᠠᠲ ᠵᠶ᠋ᠠᠷ ᠳᠠᠮᠵᠢᠭᠤᠯᠤᠨ 《ᠴᠢᠩ ᠰᠡᠳᠬᠢᠯ ᠵᠶ᠋ᠠᠷ ᠭᠦᠢ᠍ᠴᠡᠳᠭᠡᠬᠦ᠂ ᠤᠶᠤᠨᠲᠤ ᠴᠣᠭᠴᠠ》 ᠬᠣᠶᠠᠷ ᠬᠡᠮᠵᠢᠯᠳᠦ ᠺᠣᠳ᠋᠎ᠢ ᠰᠢᠷᠪᠢᠵᠦ᠂ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠵᠠᠩᠭᠢᠯᠠᠭ᠎ᠠ ᠵᠢᠨ ᠦᠭᠡ ᠵᠢ ᠨᠢᠭᠡ ᠯᠡ ᠳᠠᠷᠤᠪᠴᠢ᠎ᠪᠠᠷ ᠣᠷᠣᠭᠤᠯᠵᠤ ᠪᠣᠯᠤᠨ᠎ᠠ᠂ ᠤᠶᠤᠨᠲᠤ AI ᠲᠤᠰᠠᠯᠠᠭᠴᠢ ᠬᠡᠳᠦᠨ ᠰᠧᠺᠦ᠋ᠨ᠋ᠳ᠋᠎ᠤᠨ ᠳᠣᠲᠣᠷ᠎ᠠ ᠤᠴᠢᠷ ᠶᠠᠪᠤᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠨᠥᠬᠥᠴᠡᠯ᠂ ᠮᠠᠲ᠋ᠧᠷᠢᠶᠠᠯ᠎ᠤᠨ ᠲᠣᠳᠣᠷᠬᠠᠶ ᠬᠠᠭᠤᠳᠠᠰᠤ᠂ ᠭᠦᠢ᠍ᠴᠡᠳᠬᠡᠬᠦ ᠶᠠᠪᠤᠴᠠ᠂ ᠭᠣᠭᠴᠣᠭ᠎ᠠ ᠵᠢᠨ ᠴᠠᠭ᠎ᠤᠨ ᠬᠢᠵᠠᠭ᠋ᠠᠷ ᠵᠡᠷᠭᠡ ᠠᠭᠤᠯᠭ᠎ᠠ ᠵᠢ ᠪᠠᠭᠲᠠᠭ᠋ᠠᠭᠰᠠᠨ ᠨᠠᠷᠢᠨ ᠲᠣᠳᠣᠷᠬᠠᠶ ᠬᠡᠷᠡᠭ ᠭᠦᠢ᠍ᠴᠡᠳᠬᠡᠬᠦ ᠵᠦᠭᠯᠡᠭᠦᠷ᠎ᠢ ᠪᠣᠶ ᠪᠣᠯᠭ᠋ᠠᠵᠤ᠂ ᠡᠩ᠎ᠤᠨ ᠴᠣᠩᠬᠣᠪᠴᠢ᠎ᠠᠴᠠ ᠠᠰᠠᠭᠤᠨ ᠯᠠᠪᠯᠠᠬᠤ ᠵᠠᠭᠪᠤᠷ᠎ᠢ ᠡᠪᠳᠡᠵᠦ᠂ 《  ᠮᠠᠲ᠋ᠧᠷᠢᠶᠠᠯ ᠪᠦᠷᠢᠨ ᠪᠤᠰᠤ ᠳᠠᠬᠢᠨ ᠳᠠᠪᠳᠠᠯᠲᠠ》 ᠪᠠᠶ᠋ᠢᠳᠠᠯ᠎ᠠᠴᠠ ᠲᠤᠶ᠋ᠢᠯᠪᠤᠷᠢᠲᠠᠶ ᠠᠩᠭᠢᠵᠢᠷᠠᠵᠤ ᠪᠣᠯᠤᠨ᠎ᠠ᠃ ᠣᠯᠠᠨ ᠲᠦᠮᠡᠨ᠎ᠳᠤ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 7 × 24 ᠴᠠᠭ ᠵᠶ᠋ᠠᠷ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠬᠥᠲᠥᠯᠦᠨ ᠵᠢᠯᠣᠭᠣᠳᠤᠨ᠎ᠠ᠃

微信图片_20250325162504.jpg


      ᠲᠣᠰ ᠤᠳᠠᠭ᠋ᠠᠨ᠎ᠤ ᠤᠶᠤᠨᠲᠤ AI ᠬᠢᠭᠡᠳ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠦᠨᠵᠡᠭᠡᠶ ᠠᠭᠤᠰᠤᠯᠴᠠᠯ᠎ᠨᠢ ᠳᠣᠲᠣᠭ᠋ᠠᠳᠤ ᠵᠢ ᠬᠠᠮᠠᠭ᠋ᠠᠯᠠᠬᠤ 《ᠤᠶᠤᠨᠲᠤ ᠵᠠᠰᠠᠭ᠎ᠤᠨ ᠶᠠᠪᠤᠳᠠᠯ》᠎ᠤᠨ ᠪᠠᠶ᠋ᠢᠭᠤᠯᠤᠯᠲᠠ ᠰᠢᠨ᠎ᠡ ᠳᠡᠭᠲᠡᠷ᠎ᠲᠤ ᠭᠠᠷᠤᠭᠰᠠᠨ᠎ᠢ ᠬᠠᠷᠠᠭᠤᠯᠵᠤ ᠪᠠᠶ᠋ᠢᠨ᠎ᠠ᠃ ᠬᠤᠶ᠋ᠢᠰᠢᠳᠠ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠨ᠎ᠡ ᠪᠠᠶ᠋ᠢᠳᠠᠯ᠎ᠢ ᠦᠷᠭᠦᠯᠵᠢᠯᠡᠨ ᠥᠷᠭᠡᠳᠬᠡᠵᠦ᠂ ᠣᠯᠠᠨ ᠲᠦᠮᠡᠨ᠎ᠤ  ᠬᠡᠷᠡᠭᠴᠡᠭᠡ   ᠱᠠᠭ᠋ᠠᠷᠳᠠᠯᠭ᠎ᠠ ᠵᠢ  ᠰᠢᠢ᠍ᠳᠪᠦᠷᠢᠯᠡᠬᠦ ᠎ᠪᠠᠷ ᠤᠳᠤᠷᠢᠳᠤᠮᠵᠢ ᠪᠣᠯᠭ᠋ᠠᠨ᠂ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ 《ᠭᠦᠢ᠍ᠴᠡᠳᠬᠡᠵᠦ   ᠳᠡᠶ᠋ᠢᠯᠬᠦ》 ᠎ᠠᠴᠠ  《ᠰᠢᠢ᠍ᠳᠪᠦᠷᠢᠯᠡᠬᠦ᠎ᠳᠤ ᠬᠢᠯᠪᠠᠷᠬᠠᠨ》 《ᠣᠶᠤᠨᠴᠢ ᠭᠦᠢ᠍ᠴᠡᠳᠬᠡᠬᠦ》 ᠳᠠᠰᠢ ᠲᠠᠰ ᠳᠡᠪᠰᠢᠭᠦᠯᠬᠦ ᠵᠢ ᠠᠬᠢᠭᠤᠯᠵᠤ᠂ ᠨᠠᠩ ᠤᠬᠠᠭ᠋ᠠᠯᠢᠭ᠂ ᠥᠨᠳᠥᠷ ᠪᠦᠲᠦᠮᠵᠢᠲᠡᠶ᠂ ᠳᠥᠭᠦᠮ ᠳᠥᠲᠡ ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠥᠬᠦ ᠬᠦᠴᠦᠨ ᠵᠶ᠋ᠠᠷ ᠵᠶ᠋ᠠᠨ ᠪᠣᠶ ᠪᠣᠯᠭ᠋ᠠᠨ᠎ᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ