ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠬᠣᠲᠠ ᠵᠢᠨ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ 2025 ᠣᠨ᠎ᠤ ᠠᠩᠬᠠᠳᠤᠭ᠋ᠠᠷ ᠤᠳᠠᠭ᠎ᠠ ᠵᠢᠨ ᠪᠥᠬᠥᠳᠡ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-05-30

      5 ᠳ᠋ᠤᠭ᠋ᠠᠷ ᠰᠠᠷ᠎ᠠ ᠵᠢᠨ 29᠎ᠤ ᠡᠳᠦᠷ᠂ ᠲᠦᠩᠯᠢᠶᠣᠤ ᠬᠣᠲᠠ ᠵᠢᠨ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ 2025 ᠣᠨ᠎ᠤ ᠠᠩᠬᠠᠳᠤᠭ᠋ᠠᠷ ᠤᠳᠠᠭ᠎ᠠ ᠵᠢᠨ ᠪᠥᠬᠥᠳᠡ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠬᠣᠲᠠ ᠵᠢᠨ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ᠎ᠤᠨ ᠡᠷᠬᠢᠯᠡᠭᠴᠢ᠂ ᠬᠣᠲᠠ ᠵᠢᠨ ᠳᠡᠳ᠋ ᠳᠠᠷᠤᠭ᠎ᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠴᠧᠨ ᠬᠣᠩ ᠪᠥᠸᠧ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠣᠲᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ ᠵᠢᠶ ᠬᠣᠩ ᠭᠠᠩ ᠬᠤᠷᠠᠯ᠎ᠢ ᠡᠷᠭᠢᠯᠡᠪᠡ᠃ ᠬᠤᠷᠠᠯ᠎ᠠᠴᠠ ᠵᠢᠯ᠎ᠤᠨ ᠡᠬᠢᠨ᠎ᠠᠴᠠ ᠨᠠᠭ᠋ᠠᠰᠢᠬᠢ ᠵᠠᠮ ᠬᠠᠷᠢᠯᠴᠠᠭ᠋ᠠᠨ᠎ᠤ ᠡᠨᠳᠡᠯ᠎ᠤᠨ ᠬᠣᠯᠪᠣᠭᠳᠠᠯ ᠪᠥᠬᠥᠶ ᠪᠠᠶ᠋ᠢᠳᠠᠯ᠎ᠢ ᠵᠠᠷᠯᠠᠨ ᠮᠡᠳᠡᠭᠳᠡᠵᠦ᠂ ᠣᠷᠣᠰᠢᠵᠤ ᠪᠠᠶ᠋ᠢᠭ᠎ᠠ ᠳᠤᠲᠠᠭᠤᠳᠠᠯ ᠵᠶ᠋ᠠᠨ ᠰᠢᠰᠲ᠋ᠧᠮ᠎ᠲᠠᠢ ᠵᠠᠳᠠᠯᠵᠤ᠂ ᠡᠨᠡ ᠵᠢᠯ᠎ᠤᠨ ᠡᠯ᠎ᠡ ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠨᠠᠷᠢᠨ ᠪᠠᠶ᠋ᠢᠷᠢᠯᠠᠭᠤᠯᠪᠠ᠃ 

 ᠲᠥᠩᠯᠢᠠᠥ.jpg


      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ᠎ᠤ ᠮᠠᠨ᠎ᠤ ᠬᠤᠳᠠ᠎ᠳᠤ ᠲᠤᠯᠭ᠋ᠠᠷᠠᠵᠤ ᠪᠠᠶ᠋ᠢᠭ᠎ᠠ ᠬᠦᠨᠳᠦ ᠨᠣᠴᠢᠲᠠᠢ ᠠᠮᠤᠷ ᠲᠦᠪᠰᠢᠨ᠎ᠤ ᠪᠠᠶ᠋ᠢᠳᠠᠯ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠣᠨᠣᠪᠴᠢᠲᠠᠢ ᠡᠵᠡᠮᠳᠡᠵᠦ᠂ ᠵᠠᠮ ᠬᠠᠷᠢᠯᠴᠠᠭ᠎ᠠ ᠵᠢ ᠶᠡᠷᠦᠩᠬᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠠᠳᠬᠤᠬᠤ ᠵᠢᠨ ᠲᠤᠶ᠋ᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠵᠠᠮ ᠬᠠᠷᠢᠯᠴᠠᠭ᠎ᠠ ᠵᠢ ᠶᠡᠷᠦᠩᠬᠡᠶ᠋ᠢᠯᠡᠨ ᠵᠠᠰᠠᠬᠤ ᠠᠵᠢᠯ᠎ᠤᠨ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠵᠠᠮ ᠬᠠᠷᠢᠯᠴᠠᠭ᠋ᠠᠨ᠎ᠤ ᠰᠠᠢ᠍ᠢ᠍ᠨ ᠰᠠᠶ᠋ᠢᠬᠠᠨ ᠣᠷᠴᠢᠨ ᠲᠣᠭᠣᠷᠢᠨ᠎ᠢ ᠴᠢᠷᠮᠠᠶ᠋ᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃

 ᠲᠥᠩᠯᠢᠠᠥ1.jpg


      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠣᠳᠣᠬᠠᠨ᠎ᠤ ᠮᠠᠨ᠎ᠤ ᠬᠣᠲᠠ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠨᠥᠯᠥᠭᠡᠯᠡᠵᠦ ᠪᠠᠢ᠌ᠭ᠎ᠠ ᠲᠣᠪᠤᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠶ᠃ ᠨᠢᠭᠡ᠎ᠳᠤ ᠵᠠᠮ᠎ᠤᠨ ᠳᠠᠯᠳᠠ ᠭᠡᠮ᠎ᠢ ᠵᠠᠰᠠᠬᠤ ᠠᠵᠢᠯ᠎ᠢ ᠭᠦᠨᠵᠡᠭᠡᠶ᠋ᠢᠷᠡᠭᠦᠯᠬᠦ ᠬᠡᠷᠡᠭᠲᠡᠶ᠃ ᠬᠣᠷᠢᠭ᠎ᠠ ᠱᠤᠭᠤᠮ᠎ᠤᠨ ᠰᠡᠳᠬᠢᠬᠦᠢ ᠵᠢ ᠴᠢᠩᠭ᠋ᠠᠳᠬᠠᠵᠤ᠂ ᠡᠨᠳᠡᠯ᠎ᠢ 《ᠰᠡᠷᠭᠡᠶ᠋ᠢᠯᠡᠵᠦ ᠡᠵᠡᠮᠳᠡᠵᠦ ᠪᠣᠯᠬᠤ》 ᠤᠢ᠍ᠢ᠍ᠯᠠᠭ᠋ᠠᠭᠳᠠᠬᠤᠨ᠎ᠢ ᠪᠤᠢ ᠪᠣᠯᠭ᠋ᠠᠵᠤ᠂ ᠬᠥᠨᠳᠡᠯᠡᠨ ᠵᠶ᠋ᠠᠷ ᠬᠥᠪᠡᠭᠡ ᠬᠢᠵᠠᠭ᠋ᠠᠷ ᠬᠦᠷᠲᠡᠯ᠎ᠡ᠂ ᠭᠤᠯᠳᠤ᠎ᠪᠠᠷ ᠲᠤᠭᠤᠰᠢᠲᠠᠢ ᠪᠠᠶ᠋ᠢᠬᠤ ᠵᠢ ᠪᠠᠷᠢᠮᠲᠠᠯᠠᠵᠤ᠂ ᠬᠠᠮᠤᠭ᠎ᠤᠨ ᠨᠠᠷᠢᠨ ᠨᠢᠮᠪᠠᠢ ᠠᠷᠭ᠎ᠠ ᠬᠡᠮᠵᠢᠶ᠎ᠡ᠎ᠪᠠᠷ ᠡᠯ᠎ᠡ ᠵᠦᠢ᠍ᠯ᠎ᠤᠨ ᠠᠶᠤᠯ ᠲᠦᠭᠰᠢᠭᠦᠷᠢ ᠳᠠᠯᠳᠠ ᠭᠡᠮ᠎ᠢ ᠠᠷᠢᠯᠭ᠋ᠠᠬᠤ ᠬᠡᠷᠡᠭᠲᠡᠢ᠃ ᠬᠣᠶᠠᠷ᠎ᠲᠤ ᠭᠤᠤᠯᠳᠠᠯᠭ᠎ᠠ᠎ᠲᠠᠢ ᠬᠦᠷᠢᠶ᠎ᠡ ᠵᠢ ᠴᠡᠭᠴᠡᠯᠡᠨ ᠵᠠᠰᠠᠬᠤ ᠵᠢ ᠴᠢᠩᠭ᠋ᠠᠳᠬᠠᠬᠤ ᠬᠡᠷᠡᠭᠲᠡᠶ᠃ ᠡᠯ᠎ᠡ ᠬᠣᠰᠢᠭᠤ ᠰᠢᠶᠠᠨ ᠬᠣᠲᠠ ᠲᠣᠭᠣᠷᠢᠭ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠨᠡ ᠵᠢᠯ᠎ᠠᠴᠠ ᠨᠠᠭ᠋ᠠᠰᠢᠬᠢ ᠬᠠᠷᠢᠶ᠎ᠠ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠠᠶ᠋ᠢᠳᠠᠯ᠎ᠳᠤ ᠭᠦᠨᠵᠡᠭᠡᠶ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠵᠤ᠂ ᠳᠣᠪᠣᠢ᠌ᠮ᠎ᠠ ᠠᠰᠠᠭᠤᠳᠠᠯ ᠪᠣᠯᠤᠨ ᠪᠠᠭᠤᠷᠠᠶ ᠲᠠᠯ᠎ᠠ᠎ᠪᠠᠨ ᠣᠨᠣᠪᠴᠢᠲᠠᠶ ᠡᠷᠢᠵᠦ᠂ ᠡᠨᠳᠡᠯ᠎ᠢ ᠰᠡᠷᠭᠡᠶ᠋ᠢᠯᠡᠬᠦ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠵᠠᠮ᠎ᠤᠨ ᠬᠡᠰᠡᠭ᠂ ᠭᠣᠣᠯᠳᠠᠯᠭ᠎ᠠ᠎ᠲᠠᠢ ᠨᠢᠭᠡᠴᠢ ᠪᠣᠯᠤᠨ ᠭᠣᠣᠯᠳᠠᠯᠭ᠎ᠠ᠎ᠲᠠᠢ ᠲᠡᠷᠭᠡ ᠬᠥᠰᠬᠡ ᠵᠢ ᠲᠣᠳᠣᠷᠬᠠᠶ᠋ᠢᠯᠠᠵᠤ᠂ ᠠᠵᠢᠯ᠎ᠤᠨ ᠰᠠᠨᠠᠭ᠋ᠠᠴᠢᠯᠠᠭ᠋ᠠᠲᠤ ᠴᠢᠨᠠᠷ ᠪᠣᠯᠤᠨ ᠴᠢᠭᠯᠡᠭᠦᠯᠦᠯᠲᠦ ᠴᠢᠨᠠᠷ᠎ᠢ ᠦᠨᠡᠨ ᠬᠦ᠌ ᠨᠡᠮᠡᠭᠳᠡᠭᠦᠯᠬᠦ ᠬᠡᠷᠡᠭᠲᠡᠶ᠃ ᠭᠤᠷᠪᠠ᠎ᠳᠤ ᠰᠠᠯᠠᠭ᠎ᠠ ᠮᠥᠴᠢᠷ᠎ᠤᠨ ᠬᠠᠮᠵᠢᠯᠴᠠᠨ ᠬᠠᠮᠲᠤ᠎ᠪᠠᠷ ᠵᠠᠰᠠᠬᠤ ᠵᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠢ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠮᠲᠤᠷᠠᠨ ᠬᠦᠴᠦᠯᠡᠬᠦ ᠵᠢ ᠪᠠᠷᠢᠮᠲᠠᠯᠠᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠬᠠᠮᠲᠤ ᠵᠢᠨ ᠴᠣᠭᠴᠠ ᠵᠢ ᠪᠠᠶ᠋ᠢᠭᠤᠯᠵᠤ᠂ ᠪᠥᠬᠥ ᠬᠣᠲᠠ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠡᠯ᠎ᠡ ᠵᠦᠢ᠍ᠯ᠎ᠤᠨ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠰᠠᠶ᠋ᠢᠲᠤᠷ ᠬᠢᠬᠦ ᠬᠡᠷᠡᠭᠲᠡᠶ᠃ 《ᠨᠢᠭᠡ ᠰᠢᠯᠭ᠋ᠠᠯᠲᠠ ᠵᠢᠨ ᠴᠡᠭ ᠨᠢᠭᠡ ᠲᠥᠰᠦᠯ》᠎ᠢ ᠰᠠᠶ᠋ᠢᠲᠤᠷ ᠨᠠᠶ᠋ᠢᠳᠠᠪᠤᠷᠢᠵᠢᠭᠤᠯᠬᠤ᠎ᠳᠤ᠂ ᠲᠡᠭᠡᠭᠡᠪᠦᠷᠢ ᠵᠢᠨ ᠱᠤᠭᠤᠮ᠎ᠤᠨ ᠠᠮᠤᠷ ᠲᠦᠪᠰᠢᠨ᠎ᠤ ᠳᠠᠯᠳᠠ ᠬᠡᠮ᠎ᠢ ᠤᠷᠢᠳᠴᠢᠯᠠᠨ ᠵᠢᠭᠰᠠᠭ᠋ᠠᠨ ᠪᠠᠶ᠋ᠢᠴᠠᠭ᠋ᠠᠵᠤ᠂ ᠰᠢᠯᠭ᠋ᠠᠯᠲᠠ ᠵᠢᠨ ᠬᠠᠭᠤᠳᠠᠰᠤ ᠵᠢ ᠲᠡᠭᠡᠭᠡᠪᠦᠷᠢᠯᠡᠨ ᠬᠦᠷᠭᠡᠬᠦ ᠲᠡᠷᠭᠡ ᠬᠥᠰᠬᠡ ᠵᠢᠨ ᠨᠡᠪᠲᠡᠷᠡᠬᠦ ᠪᠠᠲᠤᠯᠠᠭ᠎ᠠ ᠵᠢ ᠴᠢᠩᠭ᠋ᠠᠳᠬᠠᠵᠤ᠂ ᠰᠢᠯᠭ᠋ᠠᠯᠲᠠ ᠵᠢᠨ ᠴᠡᠭ᠎ᠤᠨ ᠡᠷᠬᠢᠨ ᠲᠣᠭᠣᠷᠢᠨ᠎ᠤ ᠲᠦᠭᠵᠢᠷᠡᠯ᠎ᠢ ᠪᠠᠭᠤᠷᠠᠭᠤᠯᠵᠤ ᠨᠡᠪᠲᠡᠷᠡᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠭᠦᠨ᠎ᠤ ᠬᠠᠮᠲᠤ ᠲᠤᠰᠬᠠᠶ ᠵᠦᠢ᠍ᠯ᠎ᠤᠨ ᠠᠵᠢᠯᠯᠠᠭ᠎ᠠ ᠥᠷᠨᠢᠭᠦᠯᠵᠦ᠂ 《ᠲᠡᠷᠭᠡ ᠳᠠᠪᠬᠢᠭᠤᠯᠤᠨ ᠵᠡᠭᠡᠯᠢ ᠦᠢ᠍ᠮᠡᠭᠦᠯᠬᠦ》 ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠢᠯᠭ᠋ᠠᠭᠤᠯᠤᠭᠴᠢ᠎ᠳᠤ ᠡᠮᠬᠢ ᠵᠢᠷᠤᠮ᠎ᠲᠠᠢ ᠠᠮᠠᠷᠠᠬᠤ ᠪᠠ ᠰᠢᠯᠭ᠋ᠠᠯᠲᠠ ᠬᠢᠬᠦ ᠣᠷᠴᠢᠨ ᠨᠥᠬᠥᠴᠡᠯ᠎ᠢ ᠴᠢᠷᠮᠠᠶ᠋ᠢᠨ ᠡᠭᠦᠳᠴᠦ ᠥᠭᠬᠦ ᠬᠡᠷᠡᠭᠲᠡᠶ ᠭᠡᠵᠦ ᠱᠠᠭ᠋ᠠᠷᠳᠠᠪᠠ᠃
      ᠬᠤᠷᠠᠯ᠎ᠠᠴᠠ᠂ ᠵᠠᠮ ᠬᠠᠷᠢᠯᠴᠠᠭ᠎ᠠ ᠪᠣᠯ 《ᠠᠵᠤ ᠠᠬᠤᠢ ᠵᠢᠨ ᠠᠮᠢᠨ ᠰᠤᠳᠠᠰᠤ》᠂ 《ᠠᠷᠠᠳ᠎ᠤᠨ ᠠᠮᠢᠳᠤᠷᠠᠯ᠎ᠤᠨ ᠵᠠᠮ》 ᠮᠥᠨ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠵᠢᠯ᠎ᠨᠢ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠲᠠᠢ ᠬᠣᠯᠪᠣᠭᠳᠠᠵᠤ᠂ ᠨᠡᠶ᠋ᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠲᠠᠢ ᠬᠣᠯᠪᠣᠭᠳᠠᠨ᠎ᠠ᠂ ᠡᠷᠬᠡᠪᠰᠢ ᠴᠥᠬᠥᠷᠡᠰᠢ ᠦᠭᠡᠢ ᠪᠠᠶ᠋ᠢᠩᠭᠤ ᠠᠳᠬᠤᠵᠤ᠂ ᠥᠴᠦᠬᠡᠨ ᠴᠦ᠍ ᠰᠤᠯᠠᠷᠠᠭᠤᠯᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠥᠬᠥᠴᠡᠯ᠎ᠢ ᠡᠷᠬᠢᠮᠯᠡᠬᠦ ᠥᠬᠡᠶ᠂ ᠳᠤᠲᠠᠭᠤ ᠳᠣᠷᠭᠣᠨ ᠬᠢᠬᠦ ᠥᠬᠡᠶ ᠪᠠᠶ᠋ᠢᠵᠤ᠂ 《ᠳᠠᠯᠳᠠ ᠬᠡᠮ ᠪᠣᠯ ᠡᠨᠳᠡᠯ ᠮᠥᠨ》 ᠭᠡᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠨ᠂ ᠬᠠᠮᠤᠭ᠎ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ᠎ᠤᠨ ᠪᠣᠳᠠᠲᠠᠶ ᠰᠤᠷᠲᠠᠯ ᠵᠶ᠋ᠠᠷ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠳᠠᠬᠢᠨ ᠰᠢᠨ᠎ᠡ ᠳᠡᠭᠲᠡᠷ᠎ᠲᠤ ᠭᠠᠷᠭ᠋ᠠᠵᠤ᠂ ᠠᠮᠤᠷ ᠠᠮᠤᠭᠤᠯᠠᠩ ᠲᠦᠩᠯᠢᠶᠣᠤ ᠵᠢ ᠪᠥᠲᠥᠭᠡᠨ ᠪᠠᠶ᠋ᠢᠭᠤᠯᠬᠤ᠂ ᠣᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠰᠢᠨ᠎ᠢ ᠪᠠᠲᠤᠯᠠᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

 ᠲᠥᠩᠯᠢᠠᠥ2.jpg


      ᠬᠤᠷᠠᠯ᠎ᠢ ᠸᠢᠳᠢᠤ᠋ ᠬᠡᠯᠪᠡᠷᠢ᠎ᠪᠠᠷ ᠬᠤᠷᠠᠯᠳᠤᠭᠤᠯᠵᠤ᠂ ᠬᠣᠲᠠ ᠵᠢᠨ ᠰᠢᠭᠤᠳ ᠬᠠᠷᠢᠶ᠎ᠠ ᠬᠠᠮᠢᠶ᠎ᠠ ᠪᠥᠬᠥᠶ ᠡᠭᠦᠷᠭᠡ ᠴᠢᠳᠠᠪᠬᠢᠳᠤ 18 ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠣᠲᠠ ᠵᠢᠨ ᠵᠠᠰᠠᠭ᠎ᠤᠨ ᠣᠷᠳᠣᠨ᠎ᠤ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠠᠷᠢᠶ᠎ᠠ ᠬᠣᠰᠢᠭᠤ ᠰᠢᠶᠠᠨ᠎ᠤ ᠬᠤᠪᠢᠶᠠᠷᠢ ᠬᠤᠷᠠᠯ᠎ᠤᠨ ᠲᠠᠯᠠᠪᠠᠢ᠎ᠳᠤ ᠣᠷᠣᠯᠴᠠᠪᠠ᠃

 

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ