4 ᠰᠠᠷ᠎ᠠ ᠵᠢᠨ 27᠎ᠤ ᠦᠳᠡ ᠵᠢᠨ ᠡᠮᠦᠨ᠎ᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠭᠠᠵᠠᠷ ᠬᠥᠳᠡᠯᠦᠯᠲᠡ ᠵᠡᠷᠭᠡ ᠭᠠᠶ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠪᠦᠬᠦ ᠲᠠᠯ᠎ᠠ᠎ᠪᠠᠷ ᠰᠢᠯᠭ᠋ᠠᠨ ᠪᠠᠢ᠌ᠴᠠᠭ᠋ᠠᠬᠤ᠂ ᠡᠯ᠎ᠡ ᠰᠠᠯᠠᠭ᠎ᠠ ᠮᠥᠴᠢᠷ ᠪᠠ ᠴᠠᠭᠳᠠᠭ᠋ᠠᠨ᠎ᠤ ᠲᠥᠷᠥᠯ᠎ᠤᠨ ᠬᠠᠮᠲᠤᠷᠠᠨ ᠪᠠᠶ᠋ᠢᠯᠳᠤᠬᠤ ᠴᠢᠳᠠᠪᠤᠷᠢ ᠵᠢᠨ ᠬᠢᠷᠢ ᠲᠦᠪᠰᠢᠨ᠎ᠢ ᠲᠡᠭᠡᠭᠰᠢᠯᠡᠭᠦᠯᠬᠦ ᠵᠢᠨ ᠲᠥᠯᠥᠭᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠵᠣᠬᠢᠶᠠᠨ ᠪᠠᠶ᠋ᠢᠭᠤᠯᠵᠤ ᠤᠳᠠ ᠲᠣᠭᠣᠷᠢᠭ᠎ᠤᠨ ᠯᠠᠨ ᠲᠢᠩ ᠲᠠᠯᠠᠪᠠᠶ᠎ᠳᠤ 2025 ᠣᠨ᠎ᠤ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠩᠨᠡᠭᠡᠨ᠎ᠤ ᠴᠤᠭᠯᠠᠷᠠᠯᠲᠠ ᠵᠢᠴᠢ ᠭᠠᠵᠠᠷ ᠬᠥᠳᠡᠯᠦᠯᠲᠡ ᠵᠢᠨ ᠶᠡᠷᠦᠩᠬᠡᠶ᠋ᠢᠯᠡᠭᠰᠡᠨ ᠠᠪᠤᠷᠠᠨ ᠲᠤᠰᠠᠯᠠᠵᠤ ᠪᠠᠴᠢᠮ ᠪᠠᠢ᠌ᠳᠠᠯ᠎ᠢ ᠠᠷᠭ᠋ᠠᠴᠠᠬᠤ ᠵᠢ ᠳᠠᠶ᠋ᠢᠴᠢᠯᠠᠬᠤ ᠰᠣᠷᠢᠯᠲᠠ ᠥᠷᠨᠢᠭᠦᠯᠪᠡ᠃ ᠬᠣᠲᠠ ᠵᠢᠨ ᠳᠡᠳ᠋ ᠳᠠᠷᠤᠭ᠎ᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ᠂ ᠲᠠᠢ᠌ᠴᠢᠯᠠᠨ ᠴᠤᠭᠯᠠᠷᠠᠬᠤ ᠰᠣᠷᠢᠯᠲᠠ ᠵᠢᠨ ᠶᠡᠷᠦᠩᠬᠡᠶ ᠵᠢᠯᠣᠭᠣᠳᠣᠭᠴᠢ ᠵᠠᠩ ᠸᠧᠶ ᠵᠢᠴᠢ ᠭᠡᠷ᠎ᠲᠤ᠎ᠪᠠᠨ ᠪᠠᠶ᠋ᠢᠭ᠎ᠠ ᠨᠠᠮ᠎ᠤᠨ ᠬᠣᠷᠢᠶᠠᠨ᠎ᠤ ᠪᠦᠷᠢᠯᠳᠦᠬᠦᠨ ᠨᠡᠷ ᠰᠣᠷᠢᠯᠲᠠ ᠵᠢ ᠲᠤᠬᠠᠶ ᠵᠢᠨ ᠲᠠᠯᠠᠪᠠᠶ᠎ᠳᠤ ᠵᠢᠯᠣᠭᠣᠳᠴᠤ᠂ ᠬᠣᠲᠠ ᠵᠢᠨ ᠲᠣᠪᠴᠢᠶᠠᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠰᠣᠷᠢᠯᠲᠠ ᠵᠢ ᠦᠵᠡᠪᠡ᠃

ᠲᠤᠰ ᠤᠳᠠᠭ᠋ᠠᠨ᠎ᠤ ᠰᠣᠷᠢᠯᠲᠠ᠎ᠳᠤ 《ᠪᠣᠳᠠᠲᠤ ᠪᠠᠶ᠋ᠢᠳᠠᠯ᠎ᠳᠤ ᠰᠠᠭᠤᠷᠢᠯᠠᠨ᠂ ᠪᠣᠳᠠᠲᠤ ᠳᠠᠶ᠋ᠢᠨ᠎ᠳᠤ ᠬᠠᠨᠳᠤᠭᠤᠯᠬᠤ》 ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠪᠠᠴᠢᠮ ᠳᠠᠶ᠋ᠢᠴᠢᠯᠠᠬᠤ ᠠᠷᠭ᠎ᠠ ᠵᠢ ᠠᠪᠴᠤ᠂ 《ᠵᠠᠷᠯᠢᠭ ᠪᠠᠭᠤᠯᠭ᠋ᠠᠬᠤ᠂ ᠲᠦᠷᠭᠡᠨ ᠳᠠᠭ᠋ᠠᠬᠤ᠂ ᠡᠩᠨᠡᠭᠡᠯᠡᠨ ᠴᠤᠭᠯᠠᠷᠠᠬᠤ᠂ ᠤᠷ᠎ᠠ ᠴᠢᠳᠠᠪᠤᠷᠢ᠎ᠪᠠᠨ ᠳᠡᠯᠭᠡᠨ ᠦᠵᠡᠭᠦᠯᠵᠦ᠂ ᠬᠠᠮᠵᠢᠯᠴᠠᠨ ᠤᠷᠤᠯᠳᠤᠬᠤ᠂ ᠪᠠᠶ᠋ᠢᠳᠠᠯ ᠵᠶ᠋ᠠᠨ ᠮᠡᠳᠡᠭᠦᠯᠬᠦ᠂ ᠳ᠋ᠦᠩᠨᠡᠨ ᠦᠨᠡᠯᠡᠬᠦ》 ᠶᠠᠪᠤᠴᠠ ᠶᠣᠰᠣᠭ᠋ᠠᠷ᠂ ᠡᠩᠨᠡᠭᠡ ᠵᠢᠨ ᠴᠤᠭᠯᠠᠷᠠᠨ ᠬᠥᠳᠡᠯᠬᠦ᠎ᠨᠢ ᠲᠦᠷᠭᠡᠨ ᠡᠰᠡᠬᠦ᠂ ᠳᠤᠭᠤᠶ᠋ᠢᠯᠠᠩ ᠬᠤᠪᠢᠶᠠᠬᠤ᠎ᠨᠢ ᠵᠦᠢ ᠵᠣᠬᠢᠰᠲᠠᠢ ᠡᠰᠡᠬᠦ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠨᠢ ᠲᠣᠳᠣᠷᠬᠠᠢ ᠡᠰᠡᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠴᠢᠮᠡᠭᠡ ᠬᠣᠯᠪᠣᠭ᠎ᠠ᠎ᠨᠢ ᠬᠡᠪ᠎ᠤᠨ ᠡᠰᠡᠬᠦ᠂ ᠲᠤᠨᠤᠭ ᠲᠥᠬᠥᠭᠡᠷᠦᠮᠵᠢ᠎ᠨᠢ ᠲᠡᠷᠭᠡᠨ᠎ᠳᠤ ᠭᠠᠷᠤᠭᠰᠠᠨ ᠡᠰᠡᠬᠦ᠂ ᠰᠡᠷᠭᠡᠶ᠋ᠢᠯᠡᠨ ᠬᠠᠮᠠᠭ᠋ᠠᠯᠠᠬᠤ ᠲᠤᠨᠤᠭ ᠲᠥᠬᠥᠭᠡᠷᠦᠮᠵᠢ᠎ᠨᠢ ᠪᠦᠷᠢᠨ ᠭᠦᠢ᠍ᠴᠡᠳ ᠡᠰᠡᠬᠦ᠂ ᠪᠠᠲᠤᠯᠠᠭ᠎ᠠ ᠵᠢᠨ ᠡᠳ᠋ ᠪᠣᠳᠠᠰ᠎ᠨᠢ ᠪᠦᠷᠢᠨ ᠭᠦᠢ᠍ᠴᠡᠳ ᠡᠰᠡᠬᠦ ᠵᠡᠷᠭᠡ ᠠᠭᠤᠯᠭ᠎ᠠ ᠵᠢ ᠭᠣᠣᠯᠳᠠᠯᠭ᠎ᠠ᠎ᠲᠠᠢ ᠰᠢᠯᠭ᠋ᠠᠨ ᠪᠠᠶ᠋ᠢᠴᠠᠭ᠋ᠠᠵᠤ᠂ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ᠂ ᠡᠭᠦᠷᠭᠡ ᠵᠢᠨ ᠪᠡᠯᠡᠳᠬᠡᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ᠎ᠪᠠᠷ ᠵᠣᠷᠢᠯᠭ᠎ᠠ᠎ᠪᠠᠨ ᠪᠣᠯᠭ᠋ᠠᠪᠠ᠃


ᠲᠣᠰ ᠤᠳᠠᠭ᠋ᠠᠨ᠎ᠤ ᠰᠣᠷᠢᠯᠲᠠ᠎ᠳᠤ ᠭᠤᠷᠪᠠᠨ ᠲᠣᠭᠣᠷᠢᠭ᠎ᠤᠨ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ᠂ ᠬᠣᠲᠠ ᠵᠢᠨ ᠲᠣᠪᠴᠢᠶ᠎ᠠ ᠵᠢᠨ ᠬᠣᠯᠪᠣᠭ᠋ᠠᠲᠤ ᠠᠩᠭᠢ ᠵᠢᠨ ᠨᠡᠶ᠋ᠢᠲᠡ 5 ᠠᠩᠭᠢ 180 ᠬᠥᠮᠦᠨ ᠣᠷᠣᠯᠴᠠᠵᠤ᠂ ᠡᠯ᠎ᠡ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠲᠡᠷᠭᠡ 39 ᠵᠢ ᠬᠥᠳᠡᠯᠭᠡᠵᠦ᠂ 350 ᠮᠤᠭ᠎ᠠ ᠶᠠᠷᠢᠯᠴᠠᠭᠤᠷ᠂ ᠵᠢᠯᠣᠭᠣᠴᠢ ᠥᠬᠡᠶ ᠨᠢᠰᠬᠡᠯ᠂ ᠴᠠᠭᠳᠠᠭᠤᠯ ᠨᠣᠬᠠᠶ᠂ ᠡᠪᠳᠡᠨ ᠵᠠᠳᠠᠯᠬᠤ ᠪᠠᠭ᠋ᠠᠵᠢ᠂ ᠡᠷᠢᠵᠦ ᠠᠪᠤᠷᠠᠬᠤ ᠪᠠᠭ᠋ᠠᠵᠢ᠂ ᠴᠠᠬᠢᠯᠭ᠋ᠠᠨ ᠭᠠᠷᠭ᠋ᠠᠬᠤ ᠮᠠᠰᠢᠨ᠂ ᠮᠠᠶ᠋ᠢᠬᠠᠨ ᠵᠡᠷᠭᠡ ᠣᠯᠠᠨ ᠵᠦᠢ᠍ᠯ᠎ᠤᠨ ᠲᠣᠨᠣᠭ ᠲᠥᠬᠥᠭᠡᠷᠦᠮᠵᠢ ᠵᠢ ᠠᠪᠴᠤ ᠶᠠᠪᠤᠵᠠᠶ᠃ ᠰᠣᠷᠢᠯᠲᠠ ᠵᠢᠨ ᠳᠤᠮᠳᠠ᠂ ᠪᠦᠬᠦ ᠡᠩᠨᠡᠭᠡ ᠵᠠᠷᠯᠢᠭ᠎ᠢ ᠰᠣᠨᠣᠰᠤᠮᠠᠭᠴᠠ ᠬᠥᠳᠡᠯᠦᠯᠴᠡᠵᠦ᠂ ᠦᠳᠲᠡᠷ ᠲᠦᠷᠭᠡᠨ ᠴᠤᠭᠯᠠᠷᠠᠵᠤ᠂ ᠪᠦᠬᠦ ᠶᠠᠪᠤᠴᠠ ᠪᠠᠴᠢᠮ ᠶᠠᠭ᠋ᠠᠷᠠᠯᠲᠠᠢ ᠡᠮᠬᠢ ᠳᠢᠭᠯᠢᠮ᠎ᠲᠠᠢ᠂ ᠬᠡᠷᠡᠭᠯᠡᠭᠰᠡᠨ ᠲᠤᠨᠤᠭ ᠲᠥᠬᠥᠭᠡᠷᠦᠮᠵᠢ᠎ᠨᠢ ᠪᠦᠷᠢᠨ ᠭᠦᠢ᠍ᠴᠡᠳ ᠪᠠᠶ᠋ᠢᠵᠤ᠂ ᠡᠯ᠎ᠡ ᠭᠣᠭᠴᠣᠭ᠎ᠠ ᠵᠢ ᠵᠣᠬᠢᠴᠠᠭᠤᠯᠤᠨ ᠬᠠᠮᠵᠢᠯᠴᠠᠭᠤᠯᠵᠤ᠂ ᠠᠪᠴᠠᠯᠳᠤᠭᠤᠯᠤᠨ ᠨᠠᠶ᠋ᠢᠳᠠᠪᠤᠷᠢᠵᠢᠭᠤᠯᠵᠤ᠂ ᠵᠢᠱ᠌ᠢᠭᠰᠡᠨ ᠦᠷ᠎ᠡ ᠳ᠋ᠦᠩ᠎ᠳᠤ ᠬᠦᠷᠴᠡᠢ᠃