ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
《5.1》᠎ᠤ ᠠᠮᠠᠷᠠᠯᠲᠠ ᠵᠢᠨ ᠬᠤᠭᠤᠴᠠᠭ᠋ᠠᠨ᠎ᠳᠤ ᠪᠥᠬᠥ ᠬᠣᠲᠠ ᠵᠢᠨ ᠨᠡᠶ᠋ᠢᠭᠡᠮ᠎ᠤᠨ ᠶᠡᠷᠥᠩᠬᠡᠢ ᠪᠠᠢ᠌ᠳᠠᠯ ᠠᠮᠤᠷ ᠲᠣᠭᠲᠠᠭᠤᠨ ᠡᠮᠬᠢ ᠳᠢᠭᠯᠢᠮ ᠰᠠᠶ᠋ᠢᠨ
ᠨᠡᠶ᠋ᠢᠲᠡᠯᠡᠭᠰᠡᠨ ᠴᠠᠭ᠄ 2025-05-09

      《5.1》᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠬᠥᠯᠥᠨ ᠪᠤᠢ᠍ᠢ᠍ᠷ ᠬᠤᠳᠠ᠎ᠨᠢ ᠠᠮᠤᠷ ᠲᠣᠭᠳᠠᠭᠤᠨ ᠡᠮᠬᠢ ᠳᠢᠭᠯᠢᠮ᠎ᠲᠠᠢ᠎ᠪᠠᠷ ᠵᠶ᠋ᠠᠨ ᠬᠤᠳᠠ ᠵᠢᠨ ᠠᠷᠠᠳ ᠪᠣᠯᠤᠨ ᠵᠤᠭ᠋ᠠᠴᠠᠭᠰᠠᠳ᠎ᠤᠨ ᠰᠡᠳᠬᠢᠯ᠎ᠳᠤ ᠲᠠᠭ᠋ᠠᠯᠠᠭᠳᠠᠵᠤ ᠵᠤᠭ᠋ᠠᠴᠠᠨ ᠲᠣᠭᠣᠷᠢᠬᠤ ᠰᠠᠢ᠌ᠨ ᠰᠣᠩᠭᠣᠯᠲᠠ ᠪᠣᠯᠤᠭᠰᠠᠨ ᠪᠠᠶ᠋ᠢᠨ᠎ᠠ᠃ ᠡᠨᠡ ᠬᠤᠭᠤᠴᠠᠭ᠋ᠠᠨ᠎ᠳᠤ᠂ ᠬᠥᠯᠥᠨ ᠪᠣᠢ᠌ᠷ ᠬᠣᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ᠎ᠪᠠᠷ ᠡᠯ᠎ᠡ ᠲᠥᠷᠥᠯ᠎ᠤᠨ ᠠᠶᠤᠯ ᠲᠦᠭᠰᠢᠭᠦᠷᠢ ᠵᠢᠨ ᠳᠠᠯᠳᠠ ᠭᠡᠮ᠎ᠢ ᠪᠦᠬᠦ ᠬᠦᠴᠦᠨ ᠵᠶ᠋ᠠᠷ ᠴᠡᠪᠡᠷᠯᠡᠨ ᠠᠷᠢᠯᠭ᠋ᠠᠵᠤ᠂ ᠪᠦᠬᠦ ᠬᠣᠲᠠ ᠵᠢᠨ ᠠᠮᠤᠷ ᠲᠣᠭᠲᠠᠭᠤᠨ ᠡᠮᠬᠢ ᠳᠢᠭᠯᠢᠮ᠎ᠤᠨ ᠦᠷᠭᠦᠯᠵᠢᠯᠡᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠪᠠ᠃ ᠠᠮᠠᠷᠠᠯᠲᠠ ᠵᠢᠨ ᠬᠤᠭᠤᠴᠠᠭ᠋ᠠᠨ᠎ᠳᠤ ᠪᠦᠬᠦ ᠬᠣᠲᠠ᠎ᠳᠤ ᠨᠡᠶ᠋ᠢᠲᠡ 7842 ᠭᠠᠷᠤᠶ ᠴᠠᠭᠳᠠᠭ᠎ᠠ᠂ 2826 ᠴᠠᠭᠳᠠᠭ᠋ᠠᠨ᠎ᠤ ᠲᠡᠷᠭᠡ ᠵᠢ ᠬᠥᠳᠡᠯᠭᠡᠵᠦ᠂ ᠡᠷᠡᠭᠦᠦ ᠵᠢᠨ ᠶᠠᠯ᠎ᠠ ᠬᠢᠭᠰᠡᠨ ᠰᠡᠵᠢᠭᠲᠡᠢ 18 ᠬᠥᠮᠥᠨ᠂ ᠵᠠᠰᠠᠭ ᠵᠠᠬᠢᠷᠭ᠋ᠠᠨ᠎ᠤ ᠬᠡᠷᠡᠭ᠎ᠤᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠲᠠᠢ 77 ᠬᠥᠮᠦᠨ᠎ᠳᠤ ᠴᠣᠬᠢᠯᠲᠠ ᠥᠭᠴᠦ᠂ ᠬᠣᠲᠠ ᠵᠢᠨ ᠠᠷᠠᠳ ᠪᠣᠯᠤᠨ ᠵᠤᠭ᠋ᠠᠴᠠᠭᠰᠠᠳ᠎ᠲᠤ ᠠᠮᠤᠷ ᠲᠦᠪᠰᠢᠨ᠂ ᠲᠠᠭ᠋ᠠᠯᠠᠮᠵᠢᠲᠠᠶ ᠠᠮᠠᠷᠠᠯᠲᠠ ᠵᠢᠨ ᠣᠷᠴᠢᠨ ᠨᠥᠭᠥᠴᠡᠯ᠎ᠢ ᠬᠠᠩᠭ᠋ᠠᠪᠠ᠃

1.jpg


      ᠣᠯᠠᠨ ᠲᠠᠯ᠎ᠠ᠎ᠠᠴᠠ ᠰᠡᠷᠭᠡᠶ᠋ᠢᠯᠡᠨ ᠡᠵᠡᠮᠳᠡᠵᠦ ᠠᠮᠤᠷ ᠲᠣᠭᠳᠠᠭᠤᠨ᠎ᠤ 《ᠬᠠᠯᠬᠠᠪᠴᠢ ᠬᠡᠷᠡᠮ》᠎ᠢ ᠪᠠᠲᠤ ᠴᠣᠭᠴᠠᠯᠠᠪᠠ᠃ ᠪᠦᠬᠦ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《〈5.1〉᠎ᠤ ᠭᠠᠵᠠᠷ ᠠᠭ᠋ᠠᠷ᠎ᠤᠨ ᠪᠣᠰᠣᠭ᠎ᠠ ᠴᠣᠭᠴᠠᠲᠤ ᠲᠣᠭᠣᠷᠢᠨ ᠰᠡᠷᠭᠡᠶ᠋ᠢᠯᠡᠬᠦ ᠵᠠᠭᠪᠤᠷ》᠎ᠢ ᠡᠬᠢᠯᠡᠭᠦᠯᠵᠦ᠂ ᠵᠢᠯᠣᠭᠣᠴᠢ ᠦᠬᠡᠢ ᠨᠢᠰᠬᠡᠯ ᠵᠶ᠋ᠠᠷ ᠲᠣᠭᠣᠷᠢᠨ ᠴᠠᠭᠳᠠᠬᠤ ᠠᠩᠬᠢ᠎ᠨᠢ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠣᠭᠣᠷᠢᠭ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠳᠤ ᠡᠳᠦᠷ ᠪᠦᠷᠢ ᠠᠭ᠋ᠠᠷ᠎ᠲᠠᠬᠢ ᠲᠣᠭᠣᠷᠢᠨ ᠪᠠᠶ᠋ᠢᠴᠠᠭ᠋ᠠᠯᠲᠠ ᠬᠢᠵᠦ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠴᠠᠭ ᠲᠤᠬᠠᠢ᠎ᠳᠤ᠎ᠨᠢ ᠢᠯᠡᠷᠡᠭᠦᠯᠵᠦ ᠰᠢᠢ᠍ᠳᠪᠦᠷᠢᠯᠡᠪᠡ; ᠡᠭᠦᠨ᠎ᠤ ᠬᠠᠮᠲᠤ᠂ 《1᠂ 3᠂ 5 ᠮᠢᠨᠦ᠋ᠲ》᠎ᠤᠨ ᠲᠦᠷᠭᠡᠨ ᠳᠠᠭ᠋ᠠᠬᠤ ᠲᠣᠭᠲᠠᠴᠠ᠎ᠳᠤ ᠲᠦᠰᠢᠭᠯᠡᠨ᠂ ᠭᠡᠨᠡᠳᠲᠡ ᠵᠢᠨ ᠬᠡᠷᠡᠭ᠎ᠤᠨ ᠪᠠᠶ᠋ᠢᠳᠠᠯ᠎ᠢ ᠲᠡᠷᠡ ᠳᠠᠷᠤᠶ᠎ᠳᠤ᠎ᠨᠢ ᠳᠠᠭ᠋ᠠᠵᠤ ᠰᠢᠢ᠍ᠳᠪᠦᠷᠢᠯᠡᠪᠡ᠃ ᠪᠦᠬᠦ ᠬᠣᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠰᠢᠷᠦᠭᠦᠨ ᠳᠠᠭ᠋ᠠᠷᠢᠯᠲᠠ ᠶᠠᠪᠤᠭᠤᠯᠵᠤ᠂ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠪᠠ ᠴᠠᠭᠳᠠᠨ ᠲᠣᠭᠣᠷᠢᠵᠤ ᠰᠡᠷᠭᠡᠶ᠋ᠢᠯᠡᠨ ᠡᠵᠡᠮᠳᠡᠬᠦ ᠡᠷᠴᠢᠮ ᠵᠶ᠋ᠠᠨ ᠪᠦᠬᠦ ᠲᠠᠯ᠎ᠠ᠎ᠪᠠᠷ ᠴᠢᠩᠭ᠋ᠠᠳᠬᠠᠵᠤ᠂ ᠨᠡᠢ᠍ᠭᠡᠮ᠎ᠤᠨ ᠣᠷᠴᠢᠨ ᠲᠣᠭᠣᠷᠢᠨ᠎ᠢ ᠪᠦᠲᠦᠮᠵᠢᠲᠡᠢ ᠴᠡᠪᠡᠷᠰᠢᠭᠦᠯᠪᠡ᠃

4.jpg


      ᠰᠢᠨᠵᠢᠯᠡᠬᠦ ᠮᠡᠷᠭᠡᠵᠢᠯ᠎ᠨᠢ ᠭᠠᠳᠠᠭᠰᠢ ᠭᠠᠷᠬᠤ 《ᠠᠮᠤᠷ ᠠᠮᠤᠭᠤᠯᠠᠩ ᠵᠠᠮ》᠎ᠢ ᠰᠠᠭ᠋ᠠᠳ ᠦᠭᠡᠢ ᠨᠡᠪᠲᠡᠷᠡᠭᠦᠯᠬᠦ᠎ᠳᠤ ᠬᠦᠴᠦᠨ ᠨᠡᠮᠡᠷᠢᠯᠡᠪᠡ᠃ ᠠᠮᠠᠷᠠᠯᠲᠠ ᠵᠢᠨ ᠬᠤᠭᠤᠴᠠᠭ᠋ᠠᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 《ᠬᠣᠶᠠᠷ᠎ᠢ ᠨᠡᠶ᠋ᠢᠲᠡᠯᠡᠵᠦ ᠨᠢᠭᠡ ᠵᠢ ᠰᠠᠨᠠᠭᠤᠯᠬᠤ》 ᠵᠢ ᠤᠷᠢᠳᠴᠢᠯᠠᠨ ᠨᠡᠶ᠋ᠢᠲᠡᠯᠡᠵᠦ᠂ ᠬᠣᠲᠠ ᠵᠢᠨ ᠠᠷᠠᠳ᠎ᠲᠤ ᠠᠶᠠᠨ ᠵᠠᠮ ᠵᠶ᠋ᠠᠨ ᠵᠦᠶ ᠵᠣᠬᠢᠰᠲᠠᠶ ᠳᠣᠭᠢᠷᠠᠭᠤᠯᠵᠤ᠂ ᠠᠮᠠᠷᠠᠯᠲᠠ ᠵᠢᠨ ᠬᠤᠭᠤᠴᠠᠭ᠋ᠠᠨ᠎ᠤ ᠲᠡᠷᠭᠡᠨ᠎ᠤ ᠤᠷᠤᠰᠬᠠᠯ᠎ᠤᠨ ᠣᠷᠭᠢᠯ᠎ᠤᠨ ᠬᠤᠭᠤᠴᠠᠭ᠎ᠠ ᠵᠢ ᠵᠥᠷᠢᠭᠦᠯᠬᠦ ᠵᠢ ᠰᠠᠨᠠᠭᠤᠯᠪᠠ᠃ ᠡᠭᠦᠨ᠎ᠤ ᠬᠠᠮᠲᠤ ᠳᠣᠬᠢᠶᠠᠨ ᠳ᠋ᠧᠩ᠎ᠤᠨ ᠰᠦᠯᠵᠢᠶ᠎ᠡ ᠬᠣᠯᠪᠣᠭ᠋ᠠᠯᠠᠨ ᠡᠵᠡᠮᠳᠡᠬᠦ ᠰᠢᠰᠲ᠋ᠧᠮ ᠵᠶ᠋ᠠᠷ ᠳᠠᠮᠵᠢᠭᠤᠯᠤᠨ᠂ ᠲᠡᠷᠭᠡᠨ᠎ᠤ ᠤᠷᠤᠰᠬᠠᠯ᠎ᠤᠨ ᠬᠡᠮᠵᠢᠶ᠎ᠡ ᠵᠢ ᠦᠨᠳᠦᠰᠦᠯᠡᠨ ᠳᠣᠬᠢᠶᠠᠨ ᠳ᠋ᠧᠩ᠎ᠤᠨ ᠬᠤᠭᠤᠴᠠᠭ᠎ᠠ ᠵᠢ ᠬᠤᠪᠢᠰᠤᠩᠭᠤᠢ᠎ᠪᠠᠷ ᠳᠣᠭᠢᠷᠠᠭᠤᠯᠵᠤ᠂ ᠲᠦᠭᠵᠢᠷᠡᠯ᠎ᠤᠨ ᠵᠠᠮ᠎ᠤᠨ ᠬᠡᠰᠡᠭ᠎ᠲᠤ 《ᠪᠦᠬᠦᠨ᠎ᠢ ᠨᠣᠭᠣᠭ᠋ᠠᠨ ᠳ᠋ᠧᠩ》 ᠪᠣᠯᠭ᠋ᠠᠨ ᠲᠣᠬᠢᠷᠠᠭᠤᠯᠪᠠ; ᠡᠯ᠎ᠡ ᠱᠠᠲᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 《5.1》᠎ᠤ ᠠᠮᠠᠷᠠᠯᠲᠠ ᠵᠢᠨ ᠬᠤᠭᠤᠴᠠᠭ᠋ᠠᠨ᠎ᠳᠤ ᠪᠥᠬᠥ ᠬᠣᠲᠠ ᠵᠢᠨ ᠰᠥᠨᠢ᠎ᠪᠠᠷ ᠪᠠᠶ᠋ᠢᠴᠠᠭ᠋ᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠷᠢᠬᠢ ᠤᠤᠭᠤᠵᠤ ᠲᠡᠷᠭᠡ ᠵᠢᠯᠣᠭᠣᠳᠬᠤ ᠰᠣᠭᠲᠣᠭᠤ᠎ᠪᠠᠷ ᠲᠡᠷᠭᠡ ᠵᠢᠯᠣᠭᠣᠳᠬᠤ᠂ 《ᠭᠤᠷᠪᠠ ᠵᠢ ᠬᠡᠲᠦᠷᠡᠭᠦᠯᠵᠦ ᠶᠠᠳᠠᠷᠠᠭ᠎ᠠ᠎ᠪᠠᠷ ᠲᠡᠷᠭᠡ ᠵᠢᠯᠣᠭᠣᠳᠬᠤ》 ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠥᠬᠥ ᠴᠠᠭ᠎ᠲᠤ᠎ᠨᠢ ᠪᠦᠬᠦᠨ᠎ᠢ ᠴᠡᠭᠴᠡᠯᠡᠨ ᠵᠠᠰᠠᠵᠤ᠂ ᠵᠠᠮ ᠨᠡᠪᠲᠡᠷᠡᠯᠭᠡ ᠵᠢᠨ ᠡᠮᠬᠢ ᠵᠢᠷᠤᠮ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠣᠲᠠ ᠵᠢᠨ ᠠᠷᠠᠳ᠎ᠤᠨ ᠶᠠᠪᠤᠵᠤ ᠰᠠᠭᠤᠬᠤ ᠠᠮᠤᠷ ᠲᠦᠪᠰᠢᠨ᠎ᠢ ᠪᠠᠲᠤᠯᠠᠪᠠ᠃

7.jpg


      ᠳᠠᠯᠳᠠ ᠬᠡᠮ᠎ᠢ ᠠᠷᠢᠯᠭ᠋ᠠᠵᠤ ᠠᠮᠠᠷᠠᠯᠲᠠ ᠵᠢᠨ ᠬᠤᠭᠤᠴᠠᠭ᠋ᠠᠨ᠎ᠤ 《ᠠᠶᠤᠯᠭᠦᠶ ᠨᠡᠭᠡᠯᠡᠬᠡᠶ》 ᠵᠢ ᠴᠢᠩᠭ᠋ᠠᠯᠠᠪᠠ᠃ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠦᠨᠡᠨ ᠬᠦ᠌ ᠠᠷᠢᠯᠭ᠋ᠠᠬᠤ ᠵᠢᠨ ᠲᠥᠯᠥᠭᠡ᠂ ᠪᠥᠬᠥ ᠬᠣᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠠᠶᠠᠨᠴᠢᠳ᠎ᠤᠨ ᠪᠠᠭᠤᠳᠠᠯ᠂ ᠰᠦᠯᠵᠢᠶᠡᠨ᠎ᠤ ᠪᠠᠭ᠋ᠠᠷ᠂ ᠵᠤᠭ᠎ᠠ ᠴᠡᠩᠭᠡᠯ᠎ᠤᠨ ᠲᠠᠯᠠᠪᠤᠷ ᠭᠠᠵᠠᠷ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ᠎ᠤᠨ ᠲᠠᠯᠠᠪᠤᠷ ᠭᠠᠵᠠᠷ᠎ᠢ ᠪᠥᠬᠥ ᠲᠠᠯ᠎ᠠ᠎ᠪᠠᠷ ᠲᠣᠳᠣᠷᠬᠠᠢ ᠪᠠᠶ᠋ᠢᠴᠠᠭ᠋ᠠᠵᠤ᠂ ᠢᠯᠡᠷᠡᠭᠦᠯᠦᠭᠰᠡᠨ ᠠᠰᠠᠭᠤᠳᠠᠯ᠎ᠢ ᠲᠡᠷᠡ ᠳᠠᠷᠤᠶ᠎ᠳᠤ᠎ᠨᠢ ᠴᠡᠭᠴᠡᠯᠡᠨ ᠰᠠᠶ᠋ᠢᠵᠢᠷᠠᠭᠤᠯᠬᠤ᠎ᠪᠠᠷ ᠵᠠᠷᠯᠢᠭᠳᠠᠪᠠ᠃ ᠡᠭᠦᠨ᠎ᠤ ᠬᠠᠮᠲᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠯ᠎ᠡ ᠲᠥᠷᠥᠯ᠎ᠤᠨ ᠵᠥᠷᠢᠴᠡᠯ ᠵᠢᠭᠤᠷᠠᠯᠳᠤᠭ᠋ᠠᠨ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠵᠦ᠂ ᠵᠥᠷᠢᠴᠡᠯ ᠵᠢᠭᠤᠷᠠᠯᠳᠤᠭ᠋ᠠᠨ᠎ᠤ ᠡᠭᠦᠰᠬᠦ ᠵᠢ ᠪᠦᠲᠦᠮᠵᠢᠲᠡᠢ ᠬᠣᠷᠢᠭᠯᠠᠪᠠ᠃ ᠪᠠᠶ᠋ᠢᠴᠠᠭ᠋ᠠᠬᠤ᠎ᠪᠠᠷ ᠳᠠᠮᠵᠢᠨ ᠨᠡᠩ ᠰᠠᠢ᠌ᠬᠠᠨ ᠨᠡᠶ᠋ᠢᠭᠡᠮ᠎ᠤᠨ ᠠᠮᠤᠷ ᠲᠣᠭᠳᠠᠭᠤᠨ ᠣᠷᠴᠢᠨ ᠲᠣᠭᠣᠷᠢᠨ᠎ᠢ ᠪᠦᠲᠦᠮᠵᠢᠲᠡᠶ ᠪᠣᠢ ᠪᠣᠯᠭ᠋ᠠᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠤ ᠠᠮᠤᠷ ᠲᠣᠭᠲᠠᠭᠤᠨ ᠪᠠᠢ᠌ᠳᠠᠯ᠎ᠳᠤ ᠪᠠᠲᠤ ᠪᠡᠬᠢ ᠰᠠᠭᠤᠷᠢ ᠲᠠᠯᠪᠢᠵᠤ ᠥᠭᠴᠡᠶ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ