ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ — ᠠᠷᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠤᠢ ᠰᠢᠭᠤᠶ ᠡᠪᠡᠰᠦ ᠪᠡᠯᠴᠢᠭᠡᠷ᠎ᠢ ᠡᠪᠳᠡᠭᠰᠡᠨ ᠬᠡᠷᠡᠭ᠎ᠢ ᠵᠠᠯᠭ᠋ᠠᠭ᠎ᠠ᠎ᠪᠠᠷ 26 ᠢᠯᠡᠷᠡᠭᠦᠯᠪᠡ
ᠨᠡᠶ᠋ᠢᠲᠡᠯᠡᠭᠰᠡᠨ ᠴᠠᠭ᠄ 2025-06-05

      ᠣᠶ ᠰᠢᠭᠤᠶ ᠡᠪᠡᠰᠦ ᠪᠡᠯᠴᠢᠭᠡᠷ᠎ᠢ ᠡᠪᠳᠡᠬᠦ ᠨᠤᠭᠤ ᠭᠠᠵᠠᠷ᠎ᠢ ᠡᠪᠳᠡᠬᠦ ᠵᠢ ᠲᠤᠰᠬᠠᠶ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠵᠢᠨ ᠲᠥᠯᠥᠭᠡ᠂ ᠠᠷᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠲᠥᠷᠥᠯ᠎ᠤᠨ ᠲᠥᠪᠯᠡᠷᠡᠭᠦᠯᠦᠨ ᠪᠣᠭᠣᠮᠲᠠ ᠰᠢᠪᠲᠤᠯᠬᠤ᠂ ᠰᠠᠯᠠᠭ᠎ᠠ ᠮᠥᠴᠢᠷ ᠬᠠᠮᠵᠢᠯᠴᠠᠨ ᠬᠠᠤᠯᠢ ᠬᠡᠷᠡᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠴᠢᠳᠠᠮᠵᠢ ᠨᠡᠮᠡᠵᠦ ᠲᠣᠭᠣᠷᠢᠨ ᠬᠠᠮᠠᠭ᠋ᠠᠯᠠᠬᠤ᠂ ᠡᠬᠢ ᠡᠭᠦᠰᠦᠯ᠎ᠠᠴᠠ᠎ᠨᠢ ᠤᠬᠠᠭᠤᠯᠤᠨ ᠰᠡᠷᠭᠡᠶ᠋ᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠠᠪᠴᠤ᠂ 《ᠥᠴᠦᠬᠡᠨ ᠴᠦ᠍ ᠠᠭᠤᠴᠢᠯᠠᠬᠤ ᠥᠬᠡᠶ》 ᠣᠪᠣᠷ ᠵᠶ᠋ᠠᠷ ᠬᠦᠨᠳᠦ ᠴᠣᠬᠢᠯᠲᠠ ᠥᠭᠴᠦ᠂ ᠪᠥᠬᠥ ᠲᠠᠯ᠎ᠠ ᠵᠢᠨ ᠬᠦᠴᠦᠨ᠎ᠢ ᠳᠠᠶ᠋ᠢᠴᠢᠯᠠᠨ᠂ ᠣᠶ ᠰᠢᠭᠤᠶ ᠡᠪᠡᠰᠦ ᠪᠡᠯᠴᠢᠭᠡᠷ᠎ᠢ  ᠡᠪᠳᠡᠬᠦ ᠨᠤᠭᠤ ᠭᠠᠵᠠᠷ᠎ᠢ ᠡᠪᠳᠡᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ 2025 ᠣᠨ᠎ᠤ 3 ᠰᠠᠷ᠎ᠠ᠎ᠠᠴᠠ 4 ᠰᠠᠷ᠎ᠠ ᠪᠣᠯᠲᠠᠯ᠎ᠠ᠂ ᠣᠶ ᠰᠢᠭᠤᠶ ᠨᠤᠲᠤᠭ ᠪᠡᠯᠴᠢᠭᠡᠷ᠎ᠢ ᠡᠪᠳᠡᠭᠰᠡᠨ ᠬᠡᠷᠡᠭ᠎ᠢ ᠨᠡᠶ᠋ᠢᠲᠡ 26 ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ᠎ᠢ 26 ᠪᠠᠷᠢᠪᠴᠢᠯᠠᠪᠠ᠃

3.png


      ᠬᠡᠷᠡᠭ᠎ᠤᠨ ᠲᠣᠪᠴᠢ ᠪᠠᠶ᠋ᠢᠳᠠᠯ 1᠄ ᠰᠦᠶ ᠣᠪᠣᠭᠲᠤ ᠡᠳ᠋ ᠬᠣᠭᠰᠢᠯ᠎ᠢ ᠵᠣᠷᠢᠭᠤᠳᠠ ᠡᠪᠳᠡᠨ ᠰᠦᠢ᠍ᠳᠬᠡᠭᠰᠡᠨ᠎ᠳᠤ ᠬᠣᠯᠪᠣᠭᠳᠠᠭᠰᠠᠨ ᠬᠡᠷᠡᠭ᠃ ᠠᠷᠤᠨ ᠬᠣᠰᠢᠭᠤᠨ᠎ᠤ ᠰᠠᠭᠤᠭ᠋ᠠᠯᠢ ᠠᠷᠠᠳ ᠰᠦᠶ ᠣᠪᠣᠭᠲᠤ ᠬᠠᠤᠯᠢ ᠪᠤᠰᠤ ᠠᠰᠢᠭ ᠲᠤᠰᠠ ᠤᠯᠬᠤ ᠵᠢᠨ ᠲᠥᠯᠥᠭᠡ᠂ ᠪᠤᠰᠤᠳ᠎ᠲᠠᠢ ᠬᠠᠮᠲᠤᠷᠠᠨ ᠭᠣᠬ᠎ᠠ ᠮᠠᠰᠢᠨ ᠬᠡᠷᠡᠭᠯᠡᠨ ᠣᠶ ᠰᠢᠭᠤᠶ ᠵᠢᠨ ᠭᠠᠵᠠᠷ᠎ᠢ ᠬᠠᠤᠯᠢ ᠪᠤᠰᠤ᠎ᠪᠠᠷ ᠬᠠᠭ᠋ᠠᠯᠪᠤᠷᠢᠯᠠᠵᠤ᠂ ᠣᠶ ᠰᠢᠭᠤᠶ ᠵᠢᠨ ᠡᠬᠢ ᠪᠠᠶᠠᠯᠢᠭ᠎ᠢ ᠬᠦᠨᠳᠦ ᠨᠣᠴᠢᠲᠠᠶ ᠡᠪᠳᠡᠭᠰᠡᠨ ᠪᠠᠶ᠋ᠢᠨ᠎ᠠ᠃ 4 ᠰᠠᠷ᠎ᠠ ᠵᠢᠨ 11᠎ᠤ ᠡᠳᠦᠷ᠂ ᠠᠷᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠦᠶ ᠣᠪᠣᠭᠲᠤ ᠵᠢ ᠬᠠᠤᠯᠢ ᠶᠣᠰᠣᠭ᠋ᠠᠷ ᠡᠷᠡᠭᠦᠦ ᠵᠢᠨ ᠬᠡᠷᠡᠭ ᠵᠶ᠋ᠠᠷ ᠲᠦᠷ ᠬᠣᠷᠢᠭᠳᠠᠪᠠ᠃
      ᠬᠡᠷᠡᠭ᠎ᠤᠨ ᠲᠣᠪᠴᠢ ᠪᠠᠶ᠋ᠢᠳᠠᠯ 2᠄ ᠵᠢᠨ ᠣᠪᠣᠭᠲᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ᠎ᠳᠤ ᠬᠣᠯᠪᠣᠭᠳᠠᠭᠰᠠᠨ ᠬᠡᠷᠡᠭ᠃ ᠠᠷᠤᠨ ᠬᠣᠰᠢᠭᠤᠨ᠎ᠤ ᠰᠠᠭᠤᠭ᠋ᠠᠯᠢ ᠠᠷᠠᠳ ᠵᠢᠨ ᠣᠪᠣᠭᠲᠤ ᠬᠣᠯᠪᠣᠭᠳᠠᠯ ᠪᠥᠬᠥᠶ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠥᠬᠡᠶ ᠪᠠᠶ᠋ᠢᠳᠠᠯ ᠳᠤᠤᠷ᠎ᠠ᠂ ᠳᠤᠷ᠎ᠠ᠎ᠪᠠᠷ ᠵᠶ᠋ᠠᠨ ᠬᠠᠤᠯᠢ ᠪᠤᠰᠤ᠎ᠪᠠᠷ ᠣᠶ᠋ᠢᠲᠤ ᠭᠠᠵᠠᠷ᠎ᠢ ᠬᠠᠭ᠋ᠠᠯᠪᠤᠷᠢᠯᠠᠭᠰᠠᠨ ᠪᠥᠭᠡᠳ ᠲᠠᠷᠢᠮᠠᠯ ᠳᠠᠷᠢᠵᠤ᠂ ᠲᠣᠭ᠎ᠠ ᠬᠡᠮᠵᠢᠶ᠎ᠡ᠎ᠨᠢ ᠨᠡᠯᠢᠶᠡᠳ ᠶᠡᠬᠡ ᠪᠠᠶ᠋ᠢᠵᠤ᠂ ᠣᠶ᠋ᠢᠲᠤ ᠭᠠᠵᠠᠷ᠎ᠢ ᠶᠡᠬᠡ ᠬᠡᠮᠵᠢᠶ᠎ᠡ᠎ᠪᠠᠷ ᠡᠪᠳᠡᠭᠰᠡᠨ ᠪᠠᠶ᠋ᠢᠨ᠎ᠠ᠃ 4 ᠰᠠᠷ᠎ᠠ ᠵᠢᠨ 20᠎ᠤ ᠡᠳᠦᠷ᠂ ᠠᠷᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠣᠪᠣᠭᠲᠤ ᠵᠢ ᠬᠠᠤᠯᠢ ᠶᠣᠰᠣᠭ᠋ᠠᠷ ᠡᠷᠡᠭᠦᠦ ᠵᠢᠨ ᠬᠡᠷᠡᠭ ᠵᠶ᠋ᠠᠷ ᠲᠦᠷ ᠬᠣᠷᠢᠭᠳᠠᠪᠠ᠃
      ᠬᠡᠷᠡᠭ᠎ᠤᠨ ᠲᠣᠪᠴᠢ ᠪᠠᠶ᠋ᠢᠳᠠᠯ 3᠄ ᠵᠢᠶ ᠣᠪᠣᠭᠲᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ᠎ᠳᠤ ᠬᠣᠯᠪᠣᠭᠳᠠᠭᠰᠠᠨ ᠬᠡᠷᠡᠭ᠃ ᠠᠷᠤᠨ ᠬᠣᠰᠢᠭᠤᠨ᠎ᠤ ᠰᠠᠭᠤᠭ᠋ᠠᠯᠢ ᠠᠷᠠᠳ ᠵᠢᠶ ᠣᠪᠣᠭᠲᠤ ᠬᠣᠯᠪᠣᠭᠳᠠᠯ ᠪᠥᠬᠥᠶ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠥᠬᠡᠶ ᠪᠠᠶ᠋ᠢᠳᠠᠯ ᠳᠤᠤᠷ᠎ᠠ᠂ ᠳᠤᠷ᠎ᠠ᠎ᠪᠠᠷ ᠵᠶ᠋ᠠᠨ ᠬᠠᠤᠯᠢ ᠪᠤᠰᠤ᠎ᠪᠠᠷ ᠣᠶ᠋ᠢᠲᠤ ᠭᠠᠵᠠᠷ᠎ᠢ ᠬᠠᠭ᠋ᠠᠯᠪᠤᠷᠢᠯᠠᠭᠰᠠᠨ ᠪᠥᠭᠡᠳ ᠲᠠᠷᠢᠮᠠᠯ ᠳᠠᠷᠢᠭᠰᠠᠨ᠎ᠠᠴᠠ ᠣᠶ᠋ᠢᠲᠤ ᠭᠠᠵᠠᠷ ᠶᠡᠬᠡ ᠬᠡᠮᠵᠢᠶ᠎ᠡ᠎ᠪᠠᠷ ᠡᠪᠳᠡᠭᠳᠡᠪᠡ᠃ 4 ᠰᠠᠷ᠎ᠠ ᠵᠢᠨ 22᠎ᠤᠨ ᠡᠳᠦᠷ᠂ ᠠᠷᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠶ ᠣᠪᠣᠭᠲᠤ᠎ᠳᠤ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠠᠶ᠃

6.png

 
      《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》 ᠵᠢᠨ ᠭᠤᠷᠪᠠᠨ ᠵᠠᠭᠤ ᠳᠥᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ ᠲᠣᠭᠲᠠᠭ᠋ᠠᠯ᠎ᠢ ᠵᠥᠷᠢᠴᠡᠵᠦ᠂ ᠲᠠᠷᠢᠶᠠᠨ ᠭᠠᠵᠠᠷ᠂ ᠣᠶ᠋ᠢᠲᠤ ᠭᠠᠵᠠᠷ ᠵᠡᠷᠭᠡ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠭᠠᠵᠠᠷ ᠰᠢᠷᠣᠢ ᠵᠢᠨ ᠬᠡᠷᠡᠭᠯᠡᠯᠲᠡ ᠵᠢ ᠬᠤᠪᠢᠷᠠᠭᠤᠯᠤᠭᠰᠠᠨ ᠪᠥᠭᠡᠳ ᠲᠣᠭ᠎ᠠ ᠬᠡᠮᠵᠢᠶ᠎ᠡ᠎ᠨᠢ ᠨᠡᠯᠢᠶᠡᠳ ᠶᠡᠬᠡ ᠪᠠᠶ᠋ᠢᠵᠤ᠂ ᠲᠠᠷᠢᠶᠠᠨ ᠭᠠᠵᠠᠷ᠂ ᠣᠶ᠋ᠢᠲᠤ ᠭᠠᠵᠠᠷ ᠵᠡᠷᠭᠡ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠶᠡᠬᠡ ᠬᠡᠮᠵᠢᠶ᠎ᠡ᠎ᠪᠠᠷ ᠡᠪᠳᠡᠵᠦ ᠰᠦᠢ᠍ᠳᠬᠡᠭᠰᠡᠨ ᠪᠠᠶ᠋ᠢᠪᠠᠯ᠂ ᠲᠠᠪᠤᠨ ᠵᠢᠯ᠎ᠠᠴᠠ ᠳᠣᠭᠣᠭᠰᠢ ᠬᠤᠭᠤᠴᠠᠭ᠎ᠠ᠎ᠲᠠᠢ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠎ᠪᠠᠷ ᠰᠢᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠬᠦ ᠪᠤᠶᠤ ᠲᠡᠡᠭ ᠵᠶ᠋ᠠᠷ ᠰᠢᠢ᠍ᠳᠬᠡᠨ᠎ᠡ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ