8 ᠰᠠᠷ᠎ᠠ ᠵᠢᠨ 26᠎ᠤ ᠡᠳᠦᠷ᠂ ᠬᠥᠬᠡᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠤᠲᠣᠩ ᠠᠷᠠᠳ᠎ᠤᠨ ᠲᠣᠭᠤᠷᠢᠭ᠎ᠤᠨ ᠬᠤᠪᠢᠶᠠᠷᠢ ᠲᠣᠪᠴᠢᠶ᠎ᠠ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ ᠬᠠᠮᠲᠤ᠎ᠪᠠᠷ ᠪᠥᠬᠦ ᠣᠷᠣᠨ᠎ᠤ ᠠᠩᠬᠠᠳᠠᠭᠴᠢ 《ᠠᠬᠠᠮᠠᠳ ᠴᠠᠭᠳᠠᠭ᠎ᠠ ᠵᠢᠨ ᠳᠠᠷᠤᠭ᠎ᠠ ᠵᠢᠨ ᠠᠵᠢᠯᠯᠠᠬᠤ ᠲᠠᠰᠤᠭ》 ᠬᠠᠶ᠋ᠢᠯᠠᠷ ᠪᠠᠷᠠᠭᠤᠨ ᠵᠠᠮ᠎ᠤᠨ ᠲᠣᠮᠢᠯᠠᠭᠰᠠᠨ ᠰᠠᠯᠪᠤᠷᠢ᠎ᠳᠤ ᠵᠢᠩᠬᠢᠨᠢ᠎ᠪᠠᠷ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠤᠳᠤᠷᠢᠳᠤᠯᠭ᠎ᠠ ᠫᠠᠶ᠋ᠢᠰᠠ ᠰᠡᠬᠦᠬᠦ ᠶᠣᠰᠣᠯᠠᠯ᠎ᠳᠤ ᠣᠷᠣᠯᠴᠠᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ 6 《 ᠠᠬᠠᠮᠠᠳ ᠴᠠᠭᠳᠠᠭ᠎ᠠ》 ᠤᠷᠢᠭᠳᠠᠵᠤ᠂ 《ᠠᠬᠠᠮᠠᠳ ᠴᠠᠭᠳᠠᠭ᠎ᠠ ᠵᠢᠨ ᠳᠠᠷᠤᠭ᠎ᠠ ᠵᠢᠨ ᠠᠵᠢᠯᠯᠠᠬᠤ ᠲᠠᠰᠤᠭ》᠎ᠤᠨ ᠫᠠᠶ᠋ᠢᠰᠠ ᠪᠠᠶ᠋ᠢᠭᠤᠯᠤᠭᠳᠠᠬᠤ ᠵᠢ ᠬᠠᠮᠲᠤ᠎ᠪᠠᠷ ᠭᠡᠷᠡᠴᠢᠯᠡᠪᠡ᠃

ᠠᠳᠡ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯ᠂ ᠰᠡᠳᠬᠢᠴᠡ ᠵᠢᠨ ᠵᠥᠪᠯᠡᠯᠭᠡ᠂ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠯᠲᠠ ᠵᠢᠨ ᠮᠡᠷᠭᠡᠵᠢᠯ ᠵᠡᠷᠭᠡ ᠲᠤᠬᠠᠶ᠋ᠢᠯᠠᠭᠰᠠᠨ ᠠᠵᠢᠯ᠎ᠤᠨ ᠲᠤᠷᠰᠢᠯᠭ᠎ᠠ᠎ᠲᠠᠢ ᠠᠬᠠᠮᠠᠳ ᠴᠠᠭᠳᠠᠭ᠎ᠠ ᠵᠢᠨ ᠳᠠᠷᠤᠭ᠎ᠠ ᠨᠠᠷ ᠲᠣᠭᠲᠠᠭᠰᠠᠨ ᠬᠤᠭᠤᠴᠠᠭ᠎ᠠ᠎ᠲᠠᠢ᠎ᠪᠠᠷ ᠰᠠᠭᠤᠵᠤ ᠠᠵᠢᠯ ᠵᠶ᠋ᠠᠨ ᠥᠷᠨᠢᠭᠦᠯᠵᠦ᠂ ᠤᠯᠠᠨ ᠵᠢᠯ᠎ᠤᠨ ᠲᠤᠷᠰᠢᠬᠢ ᠬᠤᠷᠠᠮᠳᠤᠭᠤᠯᠤᠭᠰᠠᠨ ᠠᠵᠢᠯ᠎ᠤᠨ ᠰᠡᠳᠬᠢᠯᠭᠡ᠎ᠪᠠᠨ ᠵᠠᠯᠠᠭᠤ ᠠᠷᠠᠳ᠎ᠤᠨ ᠴᠠᠭᠳᠠᠭ᠎ᠠ᠎ᠳᠤ ᠤᠯᠠᠮᠵᠢᠯᠠᠵᠤ᠂ ᠲᠡᠳᠡᠨ᠎ᠢ ᠬᠠᠪᠰᠤᠷᠤᠨ ᠲᠦᠷᠭᠡᠨ ᠪᠤᠶ᠋ᠢᠵᠢᠭᠤᠯᠤᠨ᠎ᠠ; ᠡᠭᠦᠨ᠎ᠤ ᠬᠠᠮᠲᠤ ᠠᠬᠠᠮᠠᠳ ᠴᠠᠭᠳᠠᠭ᠎ᠠ ᠵᠢᠨ ᠳᠠᠷᠤᠭ᠎ᠠ ᠨᠠᠷ ᠲᠤᠰᠬᠠᠶ ᠮᠡᠷᠭᠡᠵᠢᠯ᠎ᠤᠨ ᠮᠡᠳᠡᠯᠭᠡ ᠪᠠ ᠬᠥᠮᠦᠨ᠎ᠤ ᠠᠮᠢᠳᠤᠷᠠᠯ᠎ᠤᠨ ᠪᠠᠶᠠᠯᠢᠭ ᠥᠩᠭᠡᠷᠡᠯᠲᠡ᠎ᠪᠠᠨ ᠠᠰᠢᠭᠯᠠᠵᠤ᠂ ᠨᠡᠶ᠋ᠢᠭᠡᠮ ᠲᠣᠭᠤᠷᠢᠭ᠎ᠤᠨ ᠵᠥᠷᠢᠴᠡᠯ᠎ᠢ ᠡᠶᠡᠳᠡᠭᠦᠯᠦᠨ ᠰᠢᠢ᠍ᠳᠪᠦᠷᠢᠯᠡᠬᠦ᠎ᠳᠤ ᠢᠳᠡᠪᠬᠢᠲᠡᠢ ᠣᠷᠣᠯᠴᠠᠵᠤ᠂ ᠵᠥᠷᠢᠴᠡᠯ ᠵᠢᠭᠤᠷᠠᠯᠳᠤᠭ᠋ᠠᠨ᠎ᠢ ᠦᠨᠳᠦᠰᠦᠨ ᠱᠠᠲᠤᠨ᠎ᠳᠤ ᠰᠢᠢ᠍ᠳᠪᠦᠷᠢᠯᠡᠵᠦ᠂ ᠴᠤᠬᠤᠶ᠋ᠢᠵᠤ ᠪᠠᠶ᠋ᠢᠭ᠎ᠠ ᠪᠠᠶ᠋ᠢᠳᠠᠯ ᠠᠷᠢᠯᠭ᠋ᠠᠨ᠎ᠠ; ᠪᠠᠰᠠ ᠡᠯ᠎ᠡ ᠲᠦᠷᠦᠯ᠎ᠤᠨ ᠬᠠᠤᠯᠢ᠎ᠪᠠᠷ ᠵᠠᠰᠠᠬᠤ ᠤᠬᠠᠭᠤᠯᠭ᠎ᠠ᠂ ᠠᠮᠤᠷ ᠲᠦᠪᠰᠢᠨ᠎ᠤ ᠬᠥᠮᠦᠵᠢᠯ᠂ ᠠᠶᠤᠯ ᠲᠦᠭᠰᠢᠭᠦᠷᠢ ᠵᠢ ᠬᠠᠪᠰᠤᠷᠤᠨ ᠲᠤᠰᠠᠯᠠᠬᠤ ᠵᠡᠷᠭᠡ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠤᠯᠠᠨ ᠲᠦᠮᠡᠨ᠎ᠤ ᠬᠠᠤᠯᠢ ᠴᠠᠭ᠋ᠠᠵᠠ ᠵᠢᠨ ᠤᠬᠠᠮᠰᠠᠷ ᠪᠠ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠴᠢᠳᠠᠪᠤᠷᠢ ᠵᠢ ᠨᠡᠮᠡᠭᠳᠡᠭᠦᠯᠵᠦ᠂ ᠤᠯᠠᠨ ᠲᠦᠮᠡᠨ᠎ᠳᠤ ᠨᠡᠩ ᠰᠠᠶ᠋ᠢᠲᠤᠷ ᠦᠢ᠍ᠯᠡᠴᠢᠯᠡᠵᠦ᠂ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃


ᠡᠨᠡ ᠬᠦ᠌ ᠲᠠᠪᠴᠠᠩ᠎ᠢ ᠪᠠᠶ᠋ᠢᠭᠤᠯᠬᠤ᠎ᠪᠠᠷ ᠳᠠᠮᠵᠢᠨ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠴᠠᠭᠳᠠᠭ᠎ᠠ ᠳᠠᠷᠤᠭ᠎ᠠ ᠵᠢᠨ ᠦᠨᠳᠦᠰᠦᠨ ᠱᠠᠲᠤᠨ᠎ᠤ ᠵᠠᠰᠠᠯᠲᠠ ᠵᠢᠨ ᠲᠤᠷᠰᠢᠯᠭ᠎ᠠ ᠬᠤᠷᠠᠮᠳᠤᠭᠤᠯᠤᠭᠰᠠᠨ᠂ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠠᠮᠢᠳᠤᠯᠢᠭ ᠥᠩᠭᠡᠷᠡᠯᠲᠡ ᠦᠢ᠍ᠯᠡᠳᠦᠯᠭᠡ᠂ ᠠᠵᠢᠯ᠎ᠠᠴᠠ᠎ᠪᠠᠨ ᠠᠮᠠᠷᠠᠭᠰᠠᠨ ᠴᠠᠭ᠎ᠤᠨ ᠡᠵᠡᠮᠳᠡᠯ ᠵᠡᠷᠭᠡ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨ᠎ᠡ ᠪᠠᠶ᠋ᠢᠳᠠᠯ ᠳᠣᠣᠷᠠᠬᠢ ᠨᠡᠶ᠋ᠢᠭᠡᠮ ᠲᠣᠭᠤᠷᠢᠭ᠎ᠤᠨ ᠴᠠᠭᠳᠠᠭ᠋ᠠᠨ᠎ᠤ ᠶᠠᠪᠤᠳᠠᠯ᠎ᠤᠨ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤᠷ᠎ᠢ ᠬᠠᠮᠠᠭ᠋ᠠᠯᠠᠬᠤ ᠰᠡᠷᠭᠡᠶ᠋ᠢᠯᠡᠯᠲᠡ᠂ ᠵᠥᠷᠢᠴᠡᠯ᠎ᠢ ᠡᠶᠡᠳᠡᠭᠦᠯᠬᠦ᠂ ᠠᠶᠤᠯ ᠲᠦᠭᠰᠢᠭᠦᠷᠢ ᠵᠢ ᠤᠷᠢᠳᠴᠢᠯᠠᠨ ᠮᠠᠭ᠋ᠠᠳᠯᠠᠬᠤ ᠵᠡᠷᠭᠡ ᠦᠨᠳᠦᠰᠦᠨ ᠱᠠᠲᠤᠨ᠎ᠤ ᠬᠦᠴᠢᠷᠳᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯᠯᠠᠬᠤ ᠲᠠᠰᠤᠭ᠎ᠢ ᠲᠣᠮᠢᠯᠠᠭᠰᠠᠨ ᠰᠠᠯᠪᠤᠷᠢ ᠵᠢᠨ᠎ᠬᠢᠨ᠎ᠤ ᠦᠨᠳᠦᠰᠦᠨ ᠱᠠᠲᠤᠨ᠎ᠤ ᠨᠡᠶ᠋ᠢᠭᠡᠮ ᠲᠣᠭᠤᠷᠢᠭ᠎ᠤᠨ ᠴᠠᠭᠳᠠᠭ᠋ᠠᠨ᠎ᠤ ᠶᠠᠪᠤᠳᠠᠯ᠎ᠤᠨ ᠦᠢ᠍ᠯᠡᠴᠢᠯᠡᠭᠡ ᠪᠠ ᠬᠠᠮᠢᠶᠠᠷᠤᠯᠲᠠ ᠵᠢᠨ ᠠᠵᠢᠯ᠎ᠢ ᠤᠷᠲᠤᠳᠬᠠᠬᠤ ᠬᠠᠷᠠᠭ᠋ᠠᠰᠤ ᠪᠣᠯᠭ᠋ᠠᠵᠤ᠂ ᠠᠬᠠᠮᠠᠳ ᠴᠠᠭᠳᠠᠭ᠎ᠠ ᠳᠠᠷᠤᠭ᠎ᠠ ᠵᠢᠨ ᠲᠤᠷᠰᠢᠯᠭ᠎ᠠ ᠤᠶᠤᠨ ᠤᠬᠠᠭ᠋ᠠᠨ᠎ᠢ ᠦᠨᠳᠦᠰᠦᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠠᠶ᠋ᠢᠴᠢᠨ ᠬᠦᠴᠦᠨ᠎ᠢ ᠳᠡᠭᠡᠭᠰᠢᠯᠡᠭᠦᠯᠬᠦ ᠪᠣᠳᠠᠲᠠᠢ ᠦᠷ᠎ᠡ ᠪᠦᠲᠦᠮᠵᠢ ᠪᠣᠯᠭ᠋ᠠᠨ ᠬᠤᠪᠢᠷᠠᠭᠤᠯᠪᠠ᠃