ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-16

      9 ᠰᠠᠷ᠎ᠠ ᠵᠢᠨ 12᠎ᠤᠨ ᠡᠳᠦᠷ᠂ ᠲᠦᠩᠯᠢᠶᠣᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ  ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ  ᠲᠤᠬᠠᠶ ᠴᠢᠬᠤᠯᠠ ᠵᠢᠭ᠋ᠠᠪᠤᠷᠢ ᠪᠣᠯᠤᠨ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠲᠦᠩᠯᠢᠶᠣᠤ ᠬᠤᠲᠠ ᠵᠢᠨ ᠨᠠᠮ᠎ᠤᠨ ᠬᠤᠷᠢᠶᠠᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠦᠩᠯᠢᠶᠣᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠡᠷᠭᠢᠴᠡᠭᠦᠯᠦᠨ ᠳ᠋ᠦᠩᠨᠡᠵᠦ᠂ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠢ ᠬᠤᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠴᠧᠨ ᠬᠤᠩ ᠪᠥᠸᠧ ᠡᠷᠭᠢᠯᠡᠵᠦ᠂ ᠬᠤᠲᠠ ᠵᠢᠨ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠭᠡᠰᠢᠭᠦᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ᠂ ᠰᠤᠷᠤᠯᠴᠠᠯᠭ᠎ᠠ ᠬᠥᠮᠦᠵᠢᠯ᠎ᠤᠨ ᠲᠤᠰᠬᠠᠶ ᠠᠩᠭᠢ ᠵᠢᠨ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠤ᠂ ᠬᠤᠲᠠ ᠵᠢᠨ ᠨᠠᠮ᠎ᠤᠨ ᠬᠤᠷᠢᠶ᠎ᠠ ᠵᠢᠨ ᠳᠥᠷᠪᠡᠳᠦᠭᠡᠷ  ᠵᠢᠯᠣᠭᠤᠳᠬᠤ ᠳᠤᠭᠤᠶ᠋ᠢᠯᠠᠩ᠎ᠤᠨ ᠳᠠᠷᠤᠭ᠎ᠠ ᠵᠢᠶᠠᠩ ᠨᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

 

 

      ᠵᠢᠶᠠᠩ ᠨᠠᠨ᠂ ᠰᠤᠷᠤᠯᠴᠠᠯᠭ᠎ᠠ ᠬᠥᠮᠦᠵᠢᠯ᠎ᠤᠨ ᠬᠤᠭᠤᠴᠠᠭ᠋ᠠᠨ᠎ᠳᠤ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠤᠷᠤᠯᠴᠠᠯᠭ᠎ᠠ ᠬᠥᠮᠦᠵᠢᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ 《ᠲᠦᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ 《  ᠥᠭᠡᠷᠡᠴᠢᠯᠡᠬᠦ》 ᠵᠢ ᠨᠢᠭᠡ ᠴᠤᠭᠴᠠᠵᠢᠭᠤᠯᠤᠨ ᠠᠬᠢᠭᠤᠯᠵᠤ᠂ ᠵᠢᠱ᠌ᠢᠭᠰᠡᠨ ᠬᠠᠷᠠᠯᠲᠠ ᠵᠢ ᠪᠡᠶᠡᠯᠡᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃ ᠳᠠᠷᠠᠭ᠋ᠠᠴᠢ ᠵᠢᠨ ᠠᠯᠬᠤᠮ᠎ᠳᠤ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠰᠢ ᠦᠭᠡᠢ ᠨᠠᠶ᠋ᠢᠳᠠᠪᠤᠷᠢᠵᠢᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠩᠭᠤᠵᠢᠭᠤᠯᠵᠤ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠣᠯᠭ᠋ᠠᠬᠤ ᠵᠢ ᠠᠬᠢᠭᠤᠯᠬᠤ ᠬᠡᠷᠡᠭᠲᠡᠢ ᠃

      ᠴᠧᠨ ᠬᠤᠩ ᠪᠥᠸᠧ᠂ ᠪᠥᠬᠦ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ᠎ᠲᠠᠢ ᠴᠠᠭ ᠢᠮᠠᠭᠲᠠ ᠬᠠᠷᠭᠤᠭᠤᠯᠵᠤ᠂ 《ᠨᠠᠮ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠬᠠᠤᠯᠢ ᠵᠢ ᠲᠥᠪ ᠭᠤᠤᠯᠴᠢ᠎ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠵᠢ ᠴᠢᠩᠳᠠᠯᠠᠬᠤ》 ᠶᠡᠷᠦᠩᠬᠡᠶ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃ ᠦᠷ᠎ᠡ ᠪᠦᠲᠦᠭᠡᠯ᠎ᠢ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠵᠢᠨ ᠤᠳᠤᠷᠢᠳᠤᠮᠵᠢ ᠵᠢ ᠪᠠᠲᠤ ᠪᠤᠢ ᠪᠣᠯᠭ᠋ᠠᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠡᠳᠦᠷ ᠲᠤᠳᠤᠮ᠎ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭ᠋ᠠᠨ ᠬᠤᠪᠢᠷᠠᠭᠤᠯᠵᠤ᠂ ᠤᠯᠠᠨ ᠲᠦᠮᠡᠨ᠎ᠤ   ᠪᠣᠳᠠᠲᠠᠢ ᠪᠣᠳᠠᠲᠤ ᠶᠠᠪᠤᠳᠠᠯ ᠪᠣᠯᠭ᠋ᠠᠨ ᠬᠤᠪᠢᠷᠠᠭᠤᠯᠬᠤ ᠬᠡᠷᠡᠭᠲᠡᠢ᠃ ᠠᠵᠢᠯ᠎ᠤᠨ ᠲᠣᠭᠲᠠᠴᠠ ᠵᠢ ᠦᠷᠭᠦᠯᠵᠢᠯᠡᠨ ᠪᠠᠬᠢᠵᠢᠭᠦᠯᠵᠦ᠂ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤ ᠵᠠᠰᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠶ᠋ᠢᠯᠭ᠋ᠠᠬᠤ ᠵᠢ ᠲᠤᠪᠤᠶ᠋ᠢᠯᠭ᠋ᠠᠵᠦ᠂ ᠲᠦᠷᠢᠮ᠎ᠤᠨ ᠪᠠᠶ᠋ᠢᠭᠤᠯᠤᠯᠲᠠ ᠵᠢ 《ᠣᠨᠣᠪᠴᠢᠲᠠᠢ ᠪᠣᠯᠭ᠋ᠠᠬᠤ》᠂ ᠡᠩᠨᠡᠭᠡᠨ᠎ᠤ ᠬᠠᠮᠢᠶᠠᠷᠤᠯᠲᠠ ᠵᠢ 《ᠲᠥᠪᠯᠡᠷᠡᠭᠦᠯᠬᠦ》᠂ ᠰᠤᠷᠭ᠋ᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠵᠢ 《ᠪᠠᠶ᠋ᠢᠩᠭᠤᠵᠢᠭᠤᠯᠬᠤ》᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢ 《ᠬᠠᠷᠢᠭᠤᠴᠠᠯᠭ᠋ᠠᠵᠢᠭᠤᠯᠬᠤ》 ᠵᠢ ᠠᠬᠢᠭᠤᠯᠬᠤ ᠬᠡᠷᠡᠭᠲᠡᠢ᠃ ᠡᠨᠡ ᠤᠳᠠᠭ᠋ᠠᠨ᠎ᠤ ᠰᠤᠷᠤᠯᠴᠠᠯᠭ᠎ᠠ ᠬᠥᠮᠦᠵᠢᠯ ᠵᠶ᠋ᠠᠷ ᠰᠢᠨ᠎ᠡ ᠭᠠᠷᠤᠭ᠎ᠠ ᠪᠣᠯᠭ᠋ᠠᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠨᠡᠪᠲᠡᠷᠡᠯᠴᠡᠭᠦᠯᠵᠦ᠂ 《ᠨᠢᠭᠡ ᠭᠤᠣᠯ ᠱᠤᠭᠤᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ  ᠣᠷᠣᠬᠤ》 ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ 《ᠲᠠᠪᠤᠨ ᠶᠡᠭᠡ ᠡᠭᠦᠷᠭᠡ》 ᠵᠢ ᠪᠡᠶᠡᠯᠡᠭᠦᠯᠵᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠳᠤ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ  ᠃

ᠢᠷᠡᠯᠲᠡ᠄ ᠲᠦᠩᠯᠢᠶᠣᠤ ᠬᠤᠲᠠ ᠵᠢᠨ ᠳᠣᠲᠣᠭ᠋ᠠᠳᠤ ᠵᠢ  