ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠷᠠᠳ᠎ᠤᠨ ᠴᠠᠭᠳᠠᠭ᠎ᠠ ᠪᠠᠷᠢᠪᠴᠢᠯᠠᠬᠤ ᠠᠵᠢᠯᠯᠠᠭ᠎ᠠ ᠥᠷᠨᠢᠭᠦᠯᠬᠦ ᠥᠶ᠎ᠡ᠎ᠳᠤ ᠪᠦᠰᠡᠯᠡᠯᠲᠡ ᠳᠠᠭ᠋ᠠᠷᠢᠯᠲᠠ᠎ᠳᠤ ᠤᠴᠠᠷᠠᠪᠠᠯ᠂ ᠶᠠᠭ᠋ᠠᠬᠢᠪᠠᠯ ᠵᠣᠬᠢᠬᠤ ᠪᠤᠢ?
ᠨᠡᠶ᠋ᠢᠲᠡᠯᠡᠭᠰᠡᠨ ᠴᠠᠭ᠄ 2021-07-28

          ᠠᠷᠠᠳ᠎ᠤᠨ ᠴᠠᠭᠳᠠᠭ᠎ᠠ ᠪᠠᠷᠢᠪᠴᠢᠯᠠᠬᠤ ᠠᠵᠢᠯᠯᠠᠭ᠎ᠠ ᠥᠷᠨᠢᠭᠦᠯᠬᠦ ᠥᠶ᠎ᠡ᠎ᠳᠤ

          ᠪᠦᠰᠡᠯᠡᠯᠲᠡ ᠳᠠᠭ᠋ᠠᠷᠢᠯᠲᠠ᠎ᠳᠤ ᠤᠴᠠᠷᠠᠪᠠᠯ᠂ ᠶᠠᠭ᠋ᠠᠬᠢᠪᠠᠯ ᠵᠣᠬᠢᠬᠤ ᠪᠤᠢ?
   

     (ᠨᠢᠭᠡ) ᠲᠤᠰᠠᠯᠠᠮᠵᠢ ᠭᠤᠶᠤᠴᠢᠯᠠᠨ ᠬᠠᠷᠢᠭᠤ ᠲᠤᠰᠬᠠᠬᠤ᠄ ᠵᠢᠯᠣᠭᠣᠳᠬᠤ ᠲᠥᠪ᠎ᠲᠤ ᠴᠠᠭ ᠲᠤᠬᠠᠶ᠎ᠳᠤᠨᠢ ᠮᠡᠳᠡᠭᠦᠯᠵᠦ᠂ ᠴᠠᠭᠳᠠᠭ᠎ᠠ ᠵᠢᠨ ᠲᠤᠰᠠᠯᠠᠮᠵᠢ ᠵᠢ ᠭᠤᠶᠤᠴᠢᠯᠠᠨ᠎ᠠ᠃
     (ᠬᠣᠶᠠᠷ) ᠠᠮᠤᠷ ᠲᠦᠪᠰᠢᠨ ᠵᠶ᠋ᠠᠷ ᠰᠢᠯᠵᠢᠭᠦᠯᠬᠦ᠄ ᠪᠠᠶ᠋ᠢᠴᠠᠭ᠋ᠠᠨ ᠪᠠᠷᠢᠪᠴᠢᠯᠠᠬᠤ ᠪᠠᠶ᠋ᠢᠯᠳᠤᠬᠤ ᠠᠷᠭ᠎ᠠ ᠵᠢ ᠵᠦᠶ ᠵᠣᠬᠢᠰᠲᠠᠶ ᠬᠡᠷᠡᠭᠯᠡᠨ᠂ ᠡᠷᠡᠰ ᠲᠠᠰᠤ ᠰᠢᠢ᠍ᠳᠪᠦᠷᠢᠯᠡᠵᠦ᠂ ᠠᠮᠤᠷ ᠲᠦᠪᠰᠢᠨ ᠭᠠᠵᠠᠷ ᠣᠷᠣᠨ᠎ᠳᠤ ᠦᠳᠲᠡᠷ ᠲᠦᠷᠭᠡᠨ ᠰᠢᠯᠵᠢᠭᠦᠯᠬᠦ ᠬᠡᠷᠡᠭᠲᠡᠶ᠃
    (ᠭᠤᠷᠪᠠ) ᠬᠠᠮᠠᠭ᠋ᠠᠯᠠᠯᠲᠠ᠎ᠪᠠᠨ ᠴᠢᠩᠭ᠋ᠠᠳᠬᠠᠬᠤ᠄ ᠲᠤᠰ ᠪᠡᠶ᠎ᠡ ᠵᠢᠨ ᠬᠠᠮᠠᠭ᠋ᠠᠯᠠᠯᠲᠠ᠎ᠪᠠᠨ ᠠᠩᠬᠠᠷᠴᠤ᠂ ᠴᠠᠭᠳᠠᠭ᠋ᠠᠨ᠎ᠤ ᠵᠡᠪᠰᠡᠭ ᠲᠣᠨᠣᠭᠯᠠᠯ   ᠪᠠ   ᠲᠡᠷᠭᠡ   ᠬᠥᠰᠬᠡ   ᠵᠡᠷᠭᠡ ᠵᠢᠨ   ᠲᠣᠨᠣᠭᠯᠠᠯ ᠎ᠢ   ᠰᠠᠶ᠋ᠢᠲᠤᠷ   ᠬᠠᠮᠠᠭ᠋ᠠᠯᠠᠨ   ᠬᠠᠮᠢᠶᠠᠷᠴᠤ᠂ ᠪᠤᠯᠢᠶᠠᠭᠳᠠᠬᠤ᠎ᠠᠴᠠ ᠰᠡᠷᠭᠡᠶ᠋ᠢᠯᠡᠨ᠎ᠡ᠃
    (ᠳᠥᠷᠪᠡ) ᠳᠠᠭ᠋ᠠᠷᠢᠯᠳᠠ ᠬᠢᠵᠦ ᠪᠠᠢ᠌ᠭ᠎ᠠ ᠬᠦᠮᠦᠰ᠎ᠢ ᠰᠦᠷᠳᠡᠭᠦᠯᠬᠦ᠄ ᠪᠡᠶ᠎ᠡ ᠵᠢᠨ ᠭᠠᠷᠤᠯ ᠵᠶ᠋ᠠᠨ ᠲᠣᠳᠤᠷᠬᠠᠢ᠌ᠯᠠᠵᠤ᠂ ᠳᠠᠭ᠋ᠠᠷᠢᠯᠲᠠ ᠬᠢᠵᠦ ᠪᠠᠢ᠌ᠭ᠎ᠠ ᠬᠦᠮᠦᠰ᠎ᠤᠨ ᠦᠢ᠍ᠯᠡ ᠠᠵᠢᠯᠯᠠᠭ᠎ᠠ ᠵᠢᠨ ᠬᠠᠤᠯᠢ᠎ᠠᠴᠠ ᠵᠥᠷᠢᠴᠡᠭᠰᠡᠨ ᠴᠢᠨᠠᠷ ᠪᠠ ᠦᠷ᠎ᠡ ᠳ᠋ᠦᠩ᠎ᠢ ᠮᠡᠳᠡᠭᠳᠡᠵᠦ᠂ ᠪᠦᠰᠡᠯᠡᠨ ᠲᠠᠭ᠋ᠠᠷᠢᠬᠤ ᠬᠥᠮᠦᠰ᠎ᠤᠨ ᠤᠷᠮ᠎ᠠ ᠰᠡᠳᠬᠢᠯᠭᠡ ᠵᠢ ᠲᠣᠭᠲᠠᠪᠤᠷᠢᠵᠢᠭᠤᠯᠤᠨ ᠰᠦᠷᠳᠡᠭᠦᠯᠬᠦ ᠬᠡᠷᠡᠭᠲᠡᠶ᠃
    (ᠲᠠᠪᠤ) ᠡᠷᠡᠰ ᠲᠠᠰᠤ ᠰᠢᠢ᠍ᠳᠪᠦᠷᠢᠯᠡᠬᠦ᠄ ᠪᠠᠶ᠋ᠢᠳᠠᠯ᠎ᠢ᠎ᠨᠢ ᠦᠵᠡᠵᠦ ᠵᠣᠬᠢᠶᠠᠨ ᠪᠠᠶ᠋ᠢᠭᠤᠯᠬᠤ᠂ ᠥᠳᠥᠭᠡᠬᠦ᠂ ᠤᠬᠠᠭ᠋ᠠᠯᠠᠨ ᠰᠡᠳᠦᠬᠦ ᠠᠵᠢᠯᠯᠠᠭ᠎ᠠ ᠬᠢᠭᠰᠡᠨ ᠲᠣᠯᠣᠭ᠋ᠠᠶ᠋ᠢᠯᠠᠭᠴᠢ ᠵᠢ᠎ᠨᠢ ᠬᠠᠤᠯᠢ ᠶᠣᠰᠣᠭ᠋ᠠᠷ ᠴᠠᠭᠳᠠᠭ᠋ᠠᠨ᠎ᠤ ᠵᠡᠪᠰᠡᠭ ᠬᠡᠷᠡᠭᠯᠡᠵᠦ ᠬᠢᠵᠠᠭ᠋ᠠᠷᠯᠠᠵᠤ ᠡᠵᠡᠮᠳᠡᠨ᠎ᠡ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ