ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠷᠠᠳ᠎ᠤᠨ ᠴᠠᠭᠳᠠᠭ᠎ᠠ ᠰᠥᠨᠢ ᠪᠤᠶᠤ ᠮᠠᠭᠤ ᠴᠠᠭ ᠠᠭᠤᠷ᠎ᠤᠨ ᠨᠥᠬᠥᠴᠡᠯ ᠳᠣᠣᠷ᠎ᠠ ᠭᠡᠷ᠎ᠤᠨ ᠭᠠᠳᠠᠨᠠᠬᠢ ᠲᠤᠬᠠᠢ ᠵᠢᠨ ᠲᠠᠯᠠᠪᠠᠢ ᠵᠢᠨ ᠬᠠᠶ᠋ᠢᠨ ᠪᠠᠶ᠋ᠢᠴᠠᠭ᠋ᠠᠯᠲᠠ ᠬᠢᠬᠦ ᠦᠶ᠎ᠡ᠎ᠳᠤ ᠶᠠᠭ᠋ᠠᠬᠢᠪᠠᠯ ᠵᠣᠬᠢᠬᠤ ᠪᠤᠢ?
ᠨᠡᠶ᠋ᠢᠲᠡᠯᠡᠭᠰᠡᠨ ᠴᠠᠭ᠄ 2021-07-28

          ᠠᠷᠠᠳ᠎ᠤᠨ ᠴᠠᠭᠳᠠᠭ᠎ᠠ ᠰᠥᠨᠢ ᠪᠤᠶᠤ ᠮᠠᠭᠤ ᠴᠠᠭ ᠠᠭᠤᠷ᠎ᠤᠨ

          ᠨᠥᠬᠥᠴᠡᠯ ᠳᠣᠣᠷ᠎ᠠ ᠭᠡᠷ᠎ᠤᠨ ᠭᠠᠳᠠᠨᠠᠬᠢ ᠲᠤᠬᠠᠢ ᠵᠢᠨ ᠲᠠᠯᠠᠪᠠᠢ ᠵᠢᠨ

          ᠬᠠᠶ᠋ᠢᠨ ᠪᠠᠶ᠋ᠢᠴᠠᠭ᠋ᠠᠯᠲᠠ ᠬᠢᠬᠦ ᠦᠶ᠎ᠡ᠎ᠳᠤ ᠶᠠᠭ᠋ᠠᠬᠢᠪᠠᠯ ᠵᠣᠬᠢᠬᠤ ᠪᠤᠢ?
   

     (ᠨᠢᠭᠡ) ᠪᠦᠷᠢᠨ ᠭᠦᠢ᠍ᠴᠡᠳ ᠲᠥᠬᠥᠭᠡᠷᠦᠮᠵᠢ ᠲᠣᠬᠢᠷᠠᠭᠤᠯᠬᠤ᠄ ᠰᠥᠨᠢ ᠵᠢᠨ ᠭᠡᠷᠡᠯᠲᠦᠭᠦᠯᠭᠡ ᠵᠢᠨ ᠲᠥᠬᠥᠭᠡᠷᠦᠮᠵᠢ ᠪᠠ ᠪᠣᠷᠣᠭ᠋ᠠᠨ ᠴᠠᠰᠤ᠎ᠠᠴᠠ ᠰᠡᠷᠭᠡᠶ᠋ᠢᠯᠡᠬᠦ ᠲᠥᠬᠥᠭᠡᠷᠦᠮᠵᠢ ᠲᠣᠬᠢᠷᠠᠭᠤᠯᠬᠤ ᠬᠡᠷᠡᠭᠲᠡᠶ᠃
     (ᠬᠣᠶᠠᠷ) ᠳᠠᠷᠤᠶ ᠲᠦᠷᠭᠡᠨ ᠬᠠᠷᠢᠭᠤ ᠲᠤᠰᠬᠠᠬᠤ᠄ ᠳᠠᠷᠤᠶ ᠲᠦᠷᠭᠡᠨ ᠲᠤᠬᠠᠶ ᠵᠢᠨ ᠲᠠᠯᠠᠪᠠᠢ᠎ᠳᠤ ᠬᠦᠷᠴᠦ᠂ ᠰᠡᠷᠡᠮᠵᠢᠯᠡᠭᠦᠯᠬᠦ ᠣᠷᠣᠨ᠎ᠢ ᠵᠠᠭ᠋ᠠᠭᠯᠠᠨ ᠲᠣᠭᠲᠠᠭ᠋ᠠᠨ᠎ᠠ᠃ ᠴᠠᠰᠤ ᠪᠣᠷᠣᠭ᠋ᠠᠨ᠎ᠢ ᠰᠡᠷᠭᠡᠶ᠋ᠢᠯᠡᠬᠦ ᠲᠥᠬᠥᠭᠡᠷᠦᠮᠵᠢ ᠵᠢ ᠬᠡᠷᠡᠭᠯᠡᠨ ᠲᠤᠬᠠᠶ ᠵᠢᠨ ᠲᠠᠯᠠᠪᠤᠷ᠎ᠢ ᠬᠠᠮᠠᠭ᠋ᠠᠯᠠᠵᠤ᠂ ᠭᠡᠷᠡᠴᠢ ᠪᠠᠷᠢᠮᠲᠠ ᠵᠢᠨ ᠪᠤᠵᠠᠷᠳᠤᠬᠤ᠂ ᠤᠰᠠᠳᠤᠨ ᠭᠡᠭᠡᠭᠳᠡᠬᠦ ᠵᠢ ᠰᠡᠷᠭᠡᠶ᠋ᠢᠯᠡᠨ᠎ᠡ᠃
     (ᠭᠤᠷᠪᠠ) ᠠᠮᠤᠷ ᠲᠦᠪᠰᠢᠨ᠎ᠢ ᠬᠠᠮᠠᠭ᠋ᠠᠯᠠᠬᠤ᠄ ᠠᠮᠤᠷ ᠲᠦᠪᠰᠢᠨ᠎ᠤ ᠦᠵᠡᠯ ᠤᠬᠠᠮᠰᠠᠷ᠎ᠢ ᠴᠢᠩᠭ᠋ᠠᠳᠬᠠᠵᠤ᠂ ᠣᠶ᠋ᠢᠯᠲᠠ ᠵᠢᠨ ᠡᠯᠢᠭᠡᠪᠴᠢ ᠵᠢ ᠡᠮᠦᠰᠴᠦ᠂ ᠣᠶ᠋ᠢᠯᠲᠠ ᠵᠢᠨ ᠱᠣᠪᠣᠭᠣᠷ ᠲᠦᠩᠰᠡ᠂ ᠡᠨᠳᠡᠯ᠎ᠤᠨ ᠭᠠᠵᠠᠷ ᠵᠢᠡᠷ ᠠᠭ᠋ᠠᠵᠢᠮ ᠥᠩᠭᠡᠷᠡᠬᠦ ᠰᠡᠷᠡᠮᠵᠢ ᠵᠢᠨ ᠫᠠᠢ᠌ᠰᠠ ᠵᠢ ᠵᠠᠯᠭ᠋ᠠᠭ᠎ᠠ ᠲᠠᠯᠪᠢᠵᠤ᠂ ᠰᠡᠷᠡᠮᠵᠢ ᠵᠢᠨ ᠳ᠋ᠧᠩ ᠪᠠ ᠠᠶᠤᠯ ᠲᠦᠭᠰᠢᠭᠦᠷᠢ ᠮᠡᠳᠡᠭᠦᠯᠬᠦ ᠭᠢᠯᠪᠠᠭ᠋ᠠᠨ ᠳ᠋ᠧᠩ᠎ᠢ ᠨᠡᠭᠡᠭᠡᠵᠦ᠂ ᠲᠤᠰᠬᠠᠶ ᠬᠥᠮᠦᠨ ᠵᠢᠭ᠋ᠠᠨ ᠲᠣᠭᠲᠠᠭ᠋ᠠᠵᠤ ᠪᠠᠶ᠋ᠢᠭ᠋ᠠᠳ ᠡᠨᠳᠡᠯ ᠭᠠᠷᠤᠭᠰᠠᠨ ᠲᠤᠬᠠᠶ ᠵᠢᠨ ᠲᠠᠯᠠᠪᠠᠶ᠎ᠳᠤ ᠲᠡᠷᠭᠡ ᠬᠥᠰᠬᠡ ᠵᠢ ᠨᠡᠪᠲᠡᠷᠡᠭᠦᠯᠬᠦ ᠪᠠ ᠠᠶᠤᠯ ᠦᠭᠡᠶ ᠵᠢᠨ ᠰᠡᠷᠡᠮᠵᠢᠯᠡᠭᠦᠯᠬᠦ ᠠᠵᠢᠯ᠎ᠢ ᠬᠠᠷᠢᠭᠤᠴᠠᠭᠤᠯᠵᠤ᠂ ᠬᠣᠶᠠᠳᠤᠭ᠋ᠠᠷ ᠤᠳᠠᠭ᠎ᠠ ᠡᠨᠳᠡᠯ ᠡᠭᠦᠰᠬᠦ ᠵᠢ   ᠴᠢᠩᠭ᠎ᠠ ᠰᠡᠷᠭᠡᠶ᠋ᠢᠯᠡᠬᠦ ᠬᠡᠷᠡᠭᠲᠡᠶ᠃
     (ᠲᠥᠷᠪᠡ) ᠬᠠᠶ᠋ᠢᠨ ᠪᠠᠶ᠋ᠢᠴᠠᠭ᠋ᠠᠬᠤ ᠳᠡᠰ ᠳᠠᠷᠠᠭ᠋ᠠᠯᠠᠯ᠄ ᠤᠷᠢᠳᠠᠪᠠᠷ ᠲᠠᠶ᠋ᠢᠪᠤᠩ ᠪᠠᠢ᠌ᠳᠠᠯ᠎ᠠᠴᠠ ᠬᠥᠳᠡᠯᠦᠩᠭᠦᠶ ᠪᠠᠢ᠌ᠳᠠᠯ᠂ ᠤᠷᠢᠳᠠᠪᠠᠷ ᠬᠣᠬᠢᠷᠠᠯ ᠦᠭᠡᠢ᠎ᠠᠴᠠ ᠳᠠᠷᠠᠭ᠎ᠠ᠎ᠨᠢ ᠬᠣᠬᠢᠷᠠᠯ᠎ᠲᠠᠢ ᠵᠢ ᠪᠠᠢ᠌ᠴᠠᠭ᠋ᠠᠬᠤ ᠵᠠᠷᠴᠢᠮ᠎ᠤᠨ ᠶᠣᠰᠣᠭ᠋ᠠᠷ ᠡᠮᠬᠢ ᠵᠢᠷᠤᠮ᠎ᠲᠠᠢ ᠬᠠᠢ᠌ᠨ ᠪᠠᠢ᠌ᠴᠠᠭ᠋ᠠᠨ᠎ᠠ᠃
     (ᠲᠠᠪᠤ) ᠲᠦᠷᠭᠡᠨ ᠬᠠᠶ᠋ᠢᠨ ᠪᠠᠶ᠋ᠢᠴᠠᠭ᠋ᠠᠬᠤ᠄ ᠬᠠᠶ᠋ᠢᠨ ᠪᠠᠶ᠋ᠢᠴᠠᠭ᠋ᠠᠬᠤ ᠬᠤᠷᠳᠤᠴᠠ ᠵᠢ ᠲᠦᠷᠭᠡᠳᠬᠡᠵᠦ᠂ ᠬᠠᠶ᠋ᠢᠨ ᠪᠠᠢ᠌ᠴᠠᠭ᠋ᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ