ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠷᠠᠳ᠎ᠤᠨ ᠴᠠᠭᠳᠠᠭ᠎ᠠ ᠨᠠᠰᠤᠨ᠎ᠳᠤ ᠥᠯᠥ ᠭᠦᠷᠦᠭᠰᠡᠳ ᠪᠠᠷᠢᠪᠴᠢᠯᠠᠭᠳᠠᠬᠤ ᠡᠲᠡᠭᠡᠳ᠎ᠤᠨ ᠳᠡᠷᠭᠡᠳᠡ ᠪᠠᠢ᠌ᠬᠤ ᠥᠶ᠎ᠡ᠎ᠳᠤ᠂ ᠶᠠᠭ᠋ᠠᠬᠢᠪᠠᠯ ᠵᠣᠬᠢᠬᠤ ᠪᠣᠶ?
ᠨᠡᠶ᠋ᠢᠲᠡᠯᠡᠭᠰᠡᠨ ᠴᠠᠭ᠄ 2021-08-18

          ᠠᠷᠠᠳ᠎ᠤᠨ ᠴᠠᠭᠳᠠᠭ᠎ᠠ ᠨᠠᠰᠤᠨ᠎ᠳᠤ ᠥᠯᠥ ᠭᠦᠷᠦᠭᠰᠡᠳ ᠪᠠᠷᠢᠪᠴᠢᠯᠠᠭᠳᠠᠬᠤ

          ᠡᠲᠡᠭᠡᠳ᠎ᠤᠨ ᠳᠡᠷᠭᠡᠳᠡ ᠪᠠᠢ᠌ᠬᠤ ᠥᠶ᠎ᠡ᠎ᠳᠤ᠂ ᠶᠠᠭ᠋ᠠᠬᠢᠪᠠᠯ ᠵᠣᠬᠢᠬᠤ ᠪᠣᠶ?
   


     (ᠨᠢᠭᠡ) ᠰᠠᠯᠤᠰᠢ ᠦᠭᠡᠢ ᠮᠥᠷᠳᠡᠬᠦ᠄ ᠨᠢᠭᠤᠴᠠ᠎ᠪᠠᠷ ᠮᠥᠷᠳᠡᠨ᠂ ᠰᠡᠵᠢᠭᠳᠡᠨ᠎ᠤ ᠠᠵᠢᠯᠯᠠᠭ᠎ᠠ ᠵᠢᠨ ᠪᠠᠶ᠋ᠢᠳᠠᠯ᠎ᠢ ᠡᠵᠡᠮᠰᠢᠵᠦ᠂ ᠴᠠᠭ ᠲᠣᠬᠢᠶᠠᠯ᠎ᠢ ᠣᠨᠣᠪᠴᠢᠲᠠᠶ ᠠᠰᠢᠭᠯᠠᠵᠤ᠂ ᠲᠡᠭᠦᠨ᠎ᠢ ᠰᠠᠯᠭ᠋ᠠᠭᠰᠠᠨ᠎ᠤ ᠳᠠᠷᠠᠭ᠎ᠠ ᠳᠠᠷᠤᠶ ᠲᠦᠷᠭᠡᠨ ᠪᠠᠷᠢᠪᠴᠢᠯᠠᠬᠤ ᠠᠵᠢᠯᠯᠠᠭ᠎ᠠ ᠠᠪᠤᠨ᠎ᠠ᠃
     (ᠬᠣᠶᠠᠷ) ᠴᠠᠭ ᠲᠣᠬᠢᠶᠠᠯ᠎ᠢ ᠬᠦᠯᠢᠶᠡᠬᠦ᠄ ᠲᠤᠬᠠᠶ ᠵᠢᠨ ᠲᠠᠯᠠᠪᠠᠢ ᠵᠢᠨ ᠡᠯ᠎ᠡ ᠵᠦᠢ᠍ᠯ᠎ᠤᠨ ᠪᠠᠶ᠋ᠢᠳᠠᠯ᠎ᠢ ᠶᠡᠷᠥᠩᠬᠡᠢ᠌ᠯᠡᠨ ᠵᠠᠳᠠᠯᠵᠤ᠂ ᠬᠡᠷᠪᠡ ᠰᠡᠵᠢᠭᠳᠡᠨ ᠣᠬᠣᠷᠬᠠᠨ ᠬᠤᠭᠤᠴᠠᠭ᠋ᠠᠨ᠎ᠳᠤ ᠨᠠᠰᠤᠨ᠎ᠳᠤ ᠦᠯᠦ ᠬᠦᠷᠦᠭᠰᠡᠳ᠎ᠠᠴᠠ ᠰᠠᠯᠬᠤ ᠵᠢᠨ ᠠᠷᠭ᠎ᠠ ᠦᠭᠡᠢ ᠪᠣᠯ ᠨᠥᠬᠥᠴᠡᠯ᠎ᠨᠢ ᠵᠥᠪᠰᠢᠶᠡᠷᠡᠭᠰᠡᠨ ᠪᠠᠢ᠌ᠳᠠᠯ ᠳᠣᠣᠷ᠎ᠠ ᠴᠠᠭ ᠲᠣᠬᠢᠶᠠᠯ᠎ᠢ ᠦᠵᠡᠵᠦ ᠪᠠᠶ᠋ᠢᠭ᠋ᠠᠳ ᠲᠡᠭᠦᠨ᠎ᠢ ᠪᠠᠷᠢᠪᠴᠢᠯᠠᠬᠤ ᠵᠢ ᠲᠦᠷ ᠬᠣᠶ᠋ᠢᠰᠢᠯᠠᠭᠤᠯᠵᠤ ᠪᠣᠯᠤᠨ᠎ᠠ᠃
    (ᠭᠤᠷᠪᠠ) ᠪᠣᠯᠪᠠᠰᠤᠨ ᠲᠣᠬᠢᠳᠠᠢ ᠪᠠᠷᠢᠪᠴᠢᠯᠠᠬᠤ᠄ ᠪᠠᠢ᠌ᠳᠠᠯ ᠪᠠᠴᠢᠮ᠂ ᠵᠠᠪᠠᠯ ᠪᠠᠷᠢᠪᠴᠢᠯᠠᠬᠤ ᠴᠢᠬᠤᠯᠠ᠎ᠲᠠᠢ ᠥᠶ᠎ᠡ᠎ᠳᠤ᠂ ᠠᠷᠭ᠎ᠠ ᠮᠠᠶᠢᠭ ᠪᠠ ᠠᠷᠭ᠎ᠠ ᠠᠪᠴᠠᠯ ᠵᠶ᠋ᠠᠨ ᠠᠩᠬᠠᠷᠴᠤ᠂ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠬᠤ ᠬᠡᠷᠡᠭᠲᠡᠶ᠃ ᠰᠡᠵᠢᠭᠳᠡᠨ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠬᠤ ᠦᠶᠡᠰ᠂ ᠠᠯᠢ ᠴᠢᠳᠠᠬᠤ᠎ᠪᠠᠷ ᠨᠡᠯᠢᠶᠡᠳ 《ᠨᠠᠮᠳᠠᠭᠤᠯᠬᠤ》 ᠪᠠᠷᠢᠪᠴᠢᠯᠠᠬᠤ ᠠᠷᠭ᠎ᠠ ᠬᠡᠯᠪᠡᠷᠢ ᠵᠢ ᠠᠪᠤᠨ᠎ᠠ᠃ ᠨᠠᠰᠤᠨ᠎ᠳᠤ ᠥᠯᠥ ᠬᠦᠷᠦᠭᠰᠡᠳ᠎ᠢ ᠲᠤᠰᠬᠠᠶ ᠬᠥᠮᠦᠨ ᠬᠠᠮᠠᠭ᠋ᠠᠯᠠᠵᠤ ᠬᠠᠷᠠᠭ᠋ᠠᠯᠵᠠᠬᠤ ᠵᠢ ᠲᠣᠳᠣᠷᠬᠠᠶ᠋ᠢᠯᠠᠵᠤ᠂ ᠨᠠᠰᠤᠨ᠎ᠳᠤ ᠥᠯᠥ ᠬᠦᠷᠦᠭᠰᠡᠳ᠎ᠤᠨ ᠬᠢᠨᠠᠨ ᠬᠠᠮᠠᠭ᠋ᠠᠯᠠᠭᠴᠢ᠎ᠳᠤ ᠳᠠᠷᠤᠶ᠋ᠢᠬᠠᠨ ᠮᠡᠳᠡᠭᠳᠡᠵᠦ ᠭᠥᠯᠢᠶᠡᠨ ᠠᠪᠴᠤ ᠬᠠᠮᠢᠶᠠᠷᠤᠭᠤᠯᠬᠤ ᠬᠡᠷᠡᠭᠲᠡᠶ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ