ᠠᠷᠠᠳ᠎ᠤᠨ ᠴᠠᠭᠳᠠᠭ᠎ᠠ ᠣᠯᠠᠨ ᠲᠦᠮᠡᠨ ᠵᠠᠰᠠᠭ᠎ᠤᠨ ᠣᠷᠳᠣᠨ᠎ᠤ ᠪᠠᠶ᠋ᠢᠭᠤᠯᠭ᠎ᠠ ᠵᠢ
ᠪᠦᠰᠡᠯᠡᠨ ᠬᠠᠭ᠋ᠠᠬᠤ᠎ᠲᠠᠢ ᠲᠠᠭ᠋ᠠᠷᠠᠯᠳᠤᠪᠠᠯ᠂ ᠶᠠᠭ᠋ᠠᠬᠢᠪᠠᠯ ᠵᠣᠬᠢᠬᠤ ᠪᠤᠶ?
(ᠨᠢᠭᠡ) ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠬᠤ᠄ ᠬᠠᠤᠯᠢ ᠬᠡᠷᠡᠭᠵᠢᠭᠦᠯᠬᠦ ᠲᠡᠮᠳᠡᠭᠯᠡᠭᠦᠷᠢ ᠨᠡᠭᠡᠭᠡᠵᠦ᠂ ᠪᠦᠬᠦ ᠶᠠᠪᠤᠴᠠ᠎ᠳᠤ ᠳᠠᠭᠤ ᠳᠦᠷᠰᠦ ᠰᠢᠩᠭᠡᠭᠡᠯᠲᠡ ᠬᠢᠨ᠎ᠡ᠃
(ᠬᠣᠶᠠᠷ) ᠲᠤᠰᠠᠯᠠᠮᠵᠢ ᠭᠤᠶᠤᠬᠤ᠎ᠪᠠᠷ ᠬᠠᠷᠢᠭᠤ ᠲᠤᠰᠬᠠᠬᠤ᠄ ᠦᠳᠲᠡᠷ ᠲᠦᠷᠭᠡᠨ ᠲᠤᠬᠠᠶ ᠵᠢᠨ ᠲᠠᠯᠠᠪᠠᠢ᠎ᠳᠤ ᠬᠦᠷᠴᠦ᠂ ᠲᠤᠬᠠᠶ ᠵᠢᠨ ᠲᠠᠯᠠᠪᠠᠢ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠦᠨᠡᠯᠡᠨ ᠵᠢᠱ᠌ᠢᠵᠦ᠂ ᠬᠡᠷᠡᠭ᠎ᠤᠨ ᠪᠠᠢ᠌ᠳᠠᠯ᠎ᠨᠢ ᠠᠷᠠᠳ᠎ᠤᠨ ᠴᠠᠭᠳᠠᠭ᠎ᠠ ᠵᠢᠨ ᠡᠵᠡᠮᠳᠡᠵᠦ ᠪᠣᠯᠬᠤ ᠬᠡᠪᠴᠢᠶᠡᠨ᠎ᠠᠴᠠ ᠳᠠᠪᠠᠭᠰᠠᠨ ᠪᠠᠢ᠌ᠪᠠᠯ᠂ ᠵᠢᠯᠣᠭᠣᠳᠬᠤ ᠲᠥᠪ᠎ᠲᠤ ᠳᠠᠷᠤᠶ᠋ᠢᠬᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠴᠠᠭᠳᠠᠭ᠋ᠠᠨ᠎ᠤ ᠬᠦᠴᠦᠨ᠎ᠤ ᠲᠤᠰᠠᠯᠠᠮᠵᠢ ᠵᠢ ᠭᠤᠶᠤᠴᠢᠯᠠᠵᠤ᠂ ᠴᠠᠭᠳᠠᠭ᠋ᠠᠨ᠎ᠤ ᠬᠦᠴᠦᠨ᠎ᠤ ᠳᠠᠪᠠᠭᠤᠯᠢᠭ᠎ᠢ ᠦᠨᠡᠨ ᠬᠦ᠌ ᠪᠠᠲᠤᠯᠠᠵᠤ᠂ ᠬᠡᠷᠡᠭ ᠶᠠᠪᠤᠳᠠᠯ᠎ᠤᠨ ᠬᠥᠭᠵᠢᠯᠲᠡ ᠵᠢ ᠴᠠᠭ ᠲᠤᠬᠠᠢᠳᠤᠨᠢ ᠬᠣᠷᠢᠭᠯᠠᠨ᠎ᠠ᠃
(ᠭᠤᠷᠪᠠ) ᠵᠦᠶ ᠵᠣᠬᠢᠰᠲᠠᠶ ᠠᠵᠢᠯ ᠬᠤᠪᠢᠶᠠᠷᠢᠯᠠᠬᠤ᠄ ᠲᠤᠬᠠᠶ ᠵᠢᠨ ᠲᠠᠯᠠᠪᠠᠢ ᠵᠢᠨ ᠵᠢᠯᠣᠭᠣᠳᠤᠭᠴᠢ᠎ᠨᠢ ᠲᠤᠬᠠᠶ ᠵᠢᠨ ᠲᠠᠯᠠᠪᠠᠢ ᠵᠢᠨ ᠡᠯ᠎ᠡ ᠲᠥᠷᠥᠯ᠎ᠤᠨ ᠮᠡᠳᠡᠭᠡ ᠵᠠᠩᠭᠢ ᠵᠢ ᠲᠡᠷᠡ ᠳᠠᠷᠤᠶᠳᠤᠨᠢ ᠡᠵᠡᠮᠰᠢᠨ ᠵᠠᠳᠠᠯᠵᠤ᠂ ᠴᠠᠭᠳᠠᠭ᠋ᠠᠨ᠎ᠤ ᠬᠦᠴᠦᠨ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠴᠠᠭᠳᠠᠭ᠋ᠠᠨ᠎ᠤ ᠬᠦᠴᠦᠨ᠎ᠤ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠬᠤᠪᠢᠶᠠᠷᠢᠯᠠᠯ᠎ᠢ ᠰᠠᠶ᠋ᠢᠲᠤᠷ ᠬᠢᠨ᠎ᠡ᠃ ᠠᠮᠠ᠂ ᠥᠨᠳᠥᠷ ᠳᠠᠭᠤᠲᠤ ᠪᠦᠷᠢᠶ᠎ᠡ᠂ ᠷᠠᠳᠢᠣ᠋ ᠨᠡᠪᠲᠡᠷᠡᠭᠦᠯᠭᠡ ᠵᠡᠷᠭᠡ ᠬᠡᠯᠪᠡᠷᠢ᠎ᠪᠠᠷ ᠦᠳᠲᠡᠷ ᠲᠦᠷᠭᠡᠨ ᠵᠠᠷᠯᠠᠨ ᠨᠡᠶ᠋ᠢᠲᠡᠯᠡᠵᠦ᠂ ᠬᠦᠰᠡᠯ ᠰᠠᠨᠠᠭ᠎ᠠ᠎ᠪᠠᠨ ᠵᠥᠪ ᠢᠯᠡᠳᠬᠡᠬᠦ ᠠᠷᠭ᠎ᠠ ᠮᠠᠶᠢᠭ ᠪᠠ ᠠᠷᠭ᠎ᠠ ᠵᠠᠮ᠎ᠢ ᠬᠡᠯᠡᠵᠦ ᠥᠭᠭᠦᠨ᠎ᠡ᠃ ᠡᠭᠦᠨ᠎ᠤ ᠬᠠᠮᠲᠤ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠥᠮᠦᠵᠢᠯ ᠬᠢᠵᠦ᠂ ᠲᠤᠬᠠᠶ ᠵᠢᠨ ᠲᠠᠯᠠᠪᠠᠢ ᠵᠢᠨ ᠦᠢ᠍ᠯᠡ ᠠᠵᠢᠯᠯᠠᠭ᠋ᠠᠳᠠᠨ᠎ᠤ ᠬᠠᠤᠯᠢ ᠵᠢ ᠵᠥᠷᠢᠴᠡᠭᠰᠡᠨ ᠴᠢᠨᠠᠷ ᠵᠢᠴᠢ ᠲᠡᠭᠦᠨ᠎ᠤ ᠦᠢ᠍ᠯᠡ ᠠᠵᠢᠯᠯᠠᠭ᠎ᠠ ᠵᠢᠨ ᠦᠷ᠎ᠡ ᠳ᠋ᠦᠩ᠎ᠢ ᠲᠣᠳᠣᠷᠬᠠᠶ ᠵᠢᠭ᠋ᠠᠵᠤ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ᠎ᠪᠠᠷ ᠳᠠᠮᠵᠢᠭᠤᠯᠤᠨ᠂ ᠲᠤᠬᠠᠶ ᠵᠢᠨ ᠲᠠᠯᠠᠪᠤᠷ᠎ᠤᠨ ᠬᠥᠮᠦᠰ᠎ᠢ ᠰᠠᠯᠭ᠋ᠠᠨ ᠵᠠᠳᠠᠷᠠᠭᠤᠯᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠢ ᠰᠦᠷᠳᠡᠭᠦᠯᠪᠡ᠃
(ᠳᠥᠷᠪᠡ) ᠡᠷᠡᠰ ᠰᠢᠭᠤᠷᠬᠠᠶ᠎ᠪᠠᠷ ᠰᠢᠢ᠍ᠳᠪᠦᠷᠢᠯᠡᠬᠦ᠄ ᠮᠤᠵᠢᠭᠤᠳᠠ᠂ ᠡᠰᠡᠷᠭᠦᠴᠡᠯᠳᠦᠬᠦ ᠰᠡᠳᠬᠢᠯᠭᠡ ᠬᠦᠨᠳᠦ ᠨᠣᠴᠢᠳᠠᠢ᠂ ᠦᠢ᠍ᠯᠡ ᠠᠵᠢᠯᠯᠠᠭ᠎ᠠ᠎ᠨᠢ ᠬᠡᠲᠦ ᠰᠢᠷᠦᠭᠦᠨ ᠬᠥᠮᠦᠰ᠎ᠲᠤ ᠡᠷᠡᠰ ᠰᠢᠭᠤᠷᠬᠠᠶ᠎ᠪᠠᠷ ᠭᠠᠷ ᠬᠥᠳᠡᠯᠵᠦ᠂ ᠲᠦᠷᠭᠡᠨ ᠡᠵᠡᠮᠳᠡᠵᠦ᠂ ᠠᠯᠪᠠᠳᠠᠯᠭ᠎ᠠ᠎ᠪᠠᠷ ᠠᠪᠴᠤ ᠶᠠᠪᠤᠨ᠎ᠠ᠃ ᠡᠷᠡᠭᠡᠯᠵᠡᠨ ᠲᠠᠲᠠᠭ᠋ᠠᠯᠵᠠᠭᠰᠠᠨᠠᠴᠠ ᠪᠣᠯᠵᠤ ᠬᠡᠳᠦ ᠰᠢᠷᠦᠭᠦᠨ ᠦᠢ᠍ᠯᠡ ᠠᠵᠢᠯᠯᠠᠭ᠎ᠠ ᠵᠢᠨ ᠳᠠᠪᠬᠤᠴᠠᠬᠤ ᠦᠢ᠍ᠯᠡᠳᠦᠯ ᠭᠠᠷᠭ᠋ᠠᠬᠤ᠂ ᠬᠡᠷᠡᠭ ᠶᠠᠪᠤᠳᠠᠯ ᠰᠢᠷᠦᠭᠦᠰᠬᠦ ᠵᠢ ᠰᠡᠷᠭᠡᠢ᠌ᠯᠡᠨ᠎ᠡ᠃