ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠷᠠᠳ᠎ᠤᠨ ᠴᠠᠭᠳᠠᠭ᠎ᠠ ᠲᠤᠬᠠᠢ ᠵᠢᠨ ᠲᠠᠯᠠᠪᠤᠷ᠎ᠲᠤ ᠬᠡᠲᠦᠷᠡᠮᠡᠬᠡᠢ ᠦᠢ᠍ᠯᠡ ᠠᠵᠢᠯᠯᠠᠭ᠎ᠠ᠎ᠪᠠᠷ ᠴᠠᠯᠢᠩ ᠨᠡᠬᠡᠬᠦ᠎ᠲᠠᠢ ᠲᠠᠭ᠋ᠠᠷᠠᠯᠳᠤᠪᠠᠯ᠂ ᠶᠠᠭ᠋ᠠᠬᠢᠬᠤ ᠪᠤᠢ?
ᠨᠡᠶ᠋ᠢᠲᠡᠯᠡᠭᠰᠡᠨ ᠴᠠᠭ᠄ 2022-01-04

          ᠠᠷᠠᠳ᠎ᠤᠨ ᠴᠠᠭᠳᠠᠭ᠎ᠠ ᠲᠤᠬᠠᠢ ᠵᠢᠨ ᠲᠠᠯᠠᠪᠤᠷ᠎ᠲᠤ ᠬᠡᠲᠦᠷᠡᠮᠡᠬᠡᠢ ᠦᠢ᠍ᠯᠡ

          ᠠᠵᠢᠯᠯᠠᠭ᠎ᠠ᠎ᠪᠠᠷ ᠴᠠᠯᠢᠩ ᠨᠡᠬᠡᠬᠦ᠎ᠲᠠᠢ ᠲᠠᠭ᠋ᠠᠷᠠᠯᠳᠤᠪᠠᠯ᠂ ᠶᠠᠭ᠋ᠠᠬᠢᠬᠤ ᠪᠤᠢ?
    

      (ᠨᠢᠭᠡ ) ᠲᠤᠰᠠᠯᠠᠮᠵᠢ ᠭᠤᠶᠤᠴᠢᠯᠠᠵᠤ ᠬᠠᠷᠢᠭᠤ ᠳᠤᠰᠬᠠᠬᠤ᠄ ᠲᠤᠬᠠᠢ ᠵᠢᠨ ᠲᠠᠯᠠᠪᠠᠢ ᠵᠢᠨ ᠪᠠᠢ᠌ᠳᠠᠯ᠎ᠢ ᠤᠢ᠌ᠯᠠᠭ᠋ᠠᠬᠤ ᠵᠢᠨ ᠬᠠᠮᠳᠤ ᠮᠡᠳᠡᠭᠦᠯᠵᠦ᠂ ᠵᠢᠯᠤᠭᠤᠳᠬᠤ ᠲᠥᠪ᠎ᠠᠴᠠ ᠴᠠᠭᠳᠠᠭ᠋ᠠᠨ᠎ᠤ ᠬᠦᠴᠦᠨ᠎ᠢ ᠲᠥᠪᠯᠡᠷᠡᠭᠦᠯᠦᠨ ᠳᠤᠰᠠᠯᠠᠬᠤ ᠵᠢ ᠭᠤᠶᠤᠴᠢᠯᠠᠨ᠎ᠠ᠃
      (ᠬᠣᠶᠠᠷ) ᠪᠠᠶ᠋ᠢᠳᠠᠯ᠎ᠢ ᠯᠠᠪᠳᠠᠭᠤᠨ ᠡᠵᠡᠮᠳᠡᠬᠦ᠄ ᠭᠠᠯ ᠤᠨᠲᠠᠷᠠᠭ᠋ᠠᠬᠤ᠂ ᠬᠥᠳᠡᠯᠮᠦᠷᠢ ᠵᠢᠨ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠂ ᠠᠵᠢᠯᠴᠢᠨ ᠬᠡᠷᠡᠭᠯᠡᠭᠰᠡᠨ ᠨᠢᠭᠡᠴᠢ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠥᠮᠦᠰ᠎ᠲᠤ ᠴᠠᠭ ᠲᠤᠬᠠᠶ᠎ᠳᠤ᠎ᠨᠢ ᠮᠡᠳᠡᠭᠳᠡᠨ ᠲᠤᠬᠠᠶ ᠵᠢᠨ ᠲᠠᠯᠠᠪᠠᠶ᠎ᠳᠤ ᠬᠦᠷᠦᠭᠦᠯᠵᠦ᠂ ᠰᠢᠢ᠍ᠳᠪᠦᠷᠢᠯᠡᠬᠦ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃
      (ᠭᠤᠷᠪᠠ) ᠠᠷᠭ᠎ᠠ ᠪᠠᠷᠢᠯ᠎ᠢ ᠠᠮᠢᠳᠤᠯᠢᠭ ᠬᠡᠷᠡᠭᠯᠡᠬᠦ᠄ ᠲᠤᠬᠠᠶ ᠵᠢᠨ ᠲᠠᠯᠠᠪᠠᠶ ᠵᠢᠨ ᠪᠠᠶ᠋ᠢᠳᠠᠯ᠎ᠢ ᠦᠨᠳᠦᠰᠦᠯᠡᠨ᠂ ᠢᠳᠬᠠᠬᠤ᠂ ᠬᠣᠷᠢᠭᠯᠠᠬᠤ᠂ ᠠᠪᠤᠷᠠᠬᠤ᠂ ᠲᠤᠬᠠᠶ ᠵᠢᠨ ᠲᠠᠯᠠᠪᠠᠶ᠎ᠠᠴᠠ ᠠᠯᠪᠠ᠎ᠪᠠᠷ ᠵᠠᠶ᠋ᠢᠯᠠᠭᠤᠯᠬᠤ ᠵᠡᠷᠭᠡ ᠠᠷᠭ᠎ᠠ ᠬᠡᠮᠵᠢᠶ᠎ᠡ ᠵᠢ ᠠᠮᠢᠳᠤᠯᠢᠭ ᠵᠶ᠋ᠠᠷ ᠬᠡᠷᠡᠭᠯᠡᠵᠦ᠂ ᠬᠡᠲᠦᠷᠡᠮᠡᠬᠡᠶ ᠦᠢ᠍ᠯᠡ ᠠᠵᠢᠯᠯᠠᠭ᠎ᠠ ᠵᠢ ᠬᠣᠷᠢᠭᠯᠠᠨ ᠵᠣᠭᠰᠣᠭ᠋ᠠᠵᠤ᠂ ᠬᠥᠮᠦᠰ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
      (ᠲᠦᠷᠪᠡ) ᠰᠤᠷᠭ᠋ᠠᠨ ᠬᠥᠮᠦᠵᠢᠭᠦᠯᠵᠦ ᠢᠳᠬᠠᠬᠤ᠄ ᠲᠤᠬᠠᠢ ᠵᠢᠨ ᠬᠥᠮᠦᠨ᠎ᠢ ᠰᠤᠷᠭ᠋ᠠᠨ ᠬᠥᠮᠦᠵᠢᠭᠦᠯᠵᠦ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ ᠰᠢᠢ᠍ᠳᠪᠦᠷᠢᠯᠡᠭᠦᠯᠬᠦ ᠵᠢ ᠲᠡᠭᠦᠨ᠎ᠳᠤ ᠮᠡᠳᠡᠭᠳᠡᠨ᠎ᠡ᠃
      (ᠲᠠᠪᠤ) ᠡᠮᠬᠢ ᠵᠢᠷᠤᠮ᠎ᠢ ᠲᠣᠭᠲᠠᠪᠤᠷᠢᠵᠢᠭᠤᠯᠬᠤ᠄ ᠬᠡᠲᠦ ᠰᠢᠷᠦᠭᠦᠨ ᠵᠶ᠋ᠠᠷ ᠴᠠᠯᠢᠩ ᠨᠡᠬᠡᠬᠦ ᠠᠵᠢᠯᠯᠠᠭ᠎ᠠ ᠵᠢ ᠰᠢᠢ᠍ᠳᠪᠦᠷᠢᠯᠡᠬᠦ ᠦᠶ᠎ᠡ᠎ᠳᠤ᠂ ᠴᠤᠭᠯᠠᠷᠠᠨ ᠦᠵᠡᠵᠦ ᠪᠠᠶ᠋ᠢᠭ᠎ᠠ ᠣᠯᠠᠨ ᠲᠦᠮᠡᠨ᠎ᠢ ᠴᠠᠭ ᠲᠤᠬᠠᠶ᠎ᠳᠤ᠎ᠨᠢ ᠲᠠᠷᠬᠠᠭ᠋ᠠᠵᠤ᠂ ᠲᠤᠬᠠᠶ ᠵᠢᠨ ᠲᠠᠯᠠᠪᠠᠶ ᠵᠢᠨ ᠡᠮᠬᠢ ᠵᠢᠷᠤᠮ᠎ᠢ ᠰᠠᠶ᠋ᠢᠲᠤᠷ ᠬᠠᠮᠠᠭ᠋ᠠᠯᠠᠬᠤ ᠵᠢ ᠠᠩᠬᠠᠷᠬᠤ ᠬᠡᠷᠡᠭᠲᠡᠶ᠃
      ᠬᠠᠤᠯᠢ ᠴᠠᠭ᠋ᠠᠵᠠ ᠵᠢᠨ ᠦᠨᠳᠦᠰᠦᠯᠡᠯ᠄ 《ᠠᠷᠠᠳ᠎ᠤᠨ ᠴᠠᠭᠳᠠᠭ᠋ᠠᠨ᠎ᠤ ᠬᠠᠤᠯᠢ》 ᠵᠢᠨ 21 ᠳ᠋ᠦ᠍ᠭᠡᠷ ᠵᠦᠢ᠍ᠯ᠂ 《ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢᠨ 23 ᠳ᠋ᠤᠭ᠋ᠠᠷ ᠵᠦᠢ᠍ᠯ᠃

ᠢᠷᠡᠯᠲᠡ᠄ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ