ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠷᠠᠳ᠎ᠤᠨ ᠴᠠᠭᠳᠠᠭ᠎ᠠ ᠬᠠᠮᠲᠤ ᠵᠢᠨ ᠵᠡᠪᠰᠡᠭᠲᠦ ᠲᠡᠮᠡᠴᠡᠯᠳᠦᠭᠡᠨ᠎ᠳᠤ ᠤᠴᠠᠷᠠᠪᠠᠯ ᠶᠠᠭ᠋ᠠᠬᠢᠬᠤ ᠪᠤᠢ?
ᠨᠡᠶ᠋ᠢᠲᠡᠯᠡᠭᠰᠡᠨ ᠴᠠᠭ᠄ 2022-01-04

           ᠠᠷᠠᠳ᠎ᠤᠨ ᠴᠠᠭᠳᠠᠭ᠎ᠠ ᠬᠠᠮᠲᠤ ᠵᠢᠨ ᠵᠡᠪᠰᠡᠭᠲᠦ ᠲᠡᠮᠡᠴᠡᠯᠳᠦᠭᠡᠨ᠎ᠳᠤ ᠤᠴᠠᠷᠠᠪᠠᠯ ᠶᠠᠭ᠋ᠠᠬᠢᠬᠤ ᠪᠤᠢ?
   

      (ᠨᠢᠭᠡ) ᠴᠠᠭ ᠲᠤᠬᠠᠶ᠎ᠳᠤ᠎ᠨᠢ ᠮᠡᠳᠡᠭᠦᠯᠬᠦ᠄ ᠲᠤᠬᠠᠶ ᠵᠢᠨ ᠲᠠᠯᠠᠪᠠᠶ ᠵᠢᠨ ᠪᠠᠶ᠋ᠢᠳᠠᠯ᠎ᠢ ᠲᠡᠷᠡ ᠳᠠᠷᠤᠶ᠎ᠳᠤ᠎ᠨᠢ ᠵᠢᠯᠣᠭᠣᠳᠬᠤ ᠲᠥᠪ᠎ᠲᠤ ᠮᠡᠳᠡᠭᠦᠯᠵᠦ᠂ ᠲᠤᠰᠠᠯᠠᠮᠵᠢ ᠭᠤᠶᠤᠴᠢᠯᠠᠨ᠎ᠠ᠃
     (ᠬᠣᠶᠠᠷ) ᠬᠡᠷᠡᠭ᠎ᠤᠨ ᠪᠠᠶ᠋ᠢᠳᠠᠯ᠎ᠢ ᠯᠠᠪᠳᠠᠭᠤᠨ ᠡᠵᠡᠮᠳᠡᠬᠦ᠄ ᠲᠤᠬᠠᠶ ᠵᠢᠨ ᠲᠠᠯᠠᠪᠠᠶ᠎ᠳᠤ ᠬᠠᠰᠬᠢᠷᠤᠨ ᠶᠠᠷᠢᠵᠤ᠂ ᠵᠡᠪᠰᠡᠭᠲᠦ ᠲᠡᠮᠡᠴᠡᠯᠳᠦᠭᠡᠨ᠎ᠤ ᠬᠠᠤᠯᠢ᠎ᠠᠴᠠ ᠵᠥᠷᠢᠴᠡᠭᠰᠡᠨ ᠴᠢᠨᠠᠷ ᠵᠢᠴᠢ ᠦᠷ᠎ᠡ ᠳ᠋ᠦᠩ᠎ᠢ ᠮᠡᠳᠡᠭᠳᠡᠵᠦ᠂ ᠬᠣᠶᠠᠷ ᠲᠠᠯ᠎ᠠ ᠵᠢᠨ ᠤᠷᠮ᠎ᠠ ᠰᠡᠳᠬᠢᠯᠭᠡ᠂ ᠲᠤᠰᠬᠠᠯ᠎ᠢ ᠨᠢᠭᠲᠠ ᠠᠩᠬᠠᠷᠴᠤ᠂ ᠬᠥᠮᠦᠨ ᠬᠠᠷ᠎ᠠ ᠥᠭᠦᠵᠦ ᠰᠢᠷᠬᠠᠲᠤᠬᠤ᠎ᠠᠴᠠ ᠰᠡᠷᠭᠡᠶ᠋ᠢᠯᠡᠬᠦ ᠬᠡᠷᠡᠭᠲᠡᠶ᠃
     (ᠭᠤᠷᠪᠠ) ᠭᠡᠷᠡᠴᠢ ᠪᠠᠷᠢᠮᠲᠠ ᠵᠢ ᠲᠤᠭᠳᠠᠪᠤᠷᠢᠵᠢᠭᠤᠯᠬᠤ᠄ ᠬᠠᠤᠯᠢ ᠬᠡᠷᠡᠭᠵᠢᠭᠦᠯᠬᠦ ᠲᠡᠮᠳᠡᠭᠯᠡᠭᠦᠷ᠎ᠢ ᠬᠡᠷᠡᠭᠯᠡᠨ ᠲᠤᠬᠠᠢ ᠵᠢᠨ ᠲᠠᠯᠠᠪᠠᠢ᠎ᠳᠤ ᠪᠦᠬᠦ ᠶᠠᠪᠤᠴᠠ᠎ᠳᠤ ᠳᠠᠭᠤ ᠳᠦᠷᠰᠦ ᠰᠢᠩᠭᠡᠭᠡᠯᠲᠡ ᠬᠢᠨ᠎ᠡ᠃
     (ᠳᠥᠷᠪᠡ) ᠴᠠᠭᠳᠠᠭ᠋ᠠᠨ᠎ᠤ ᠬᠦᠴᠦᠨ᠎ᠢ ᠲᠥᠪᠯᠡᠷᠡᠭᠦᠯᠬᠦ᠄ ᠲᠤᠰᠠᠯᠠᠮᠵᠢ ᠢᠷᠡᠭᠰᠡᠨ᠎ᠤ ᠳᠠᠷᠠᠭ᠎ᠠ᠂ ᠳᠠᠪᠠᠭᠤᠯᠢᠭ ᠴᠠᠭᠳᠠᠭ᠋ᠠᠨ᠎ᠤ ᠬᠦᠴᠦᠨ᠎ᠢ ᠲᠥᠪᠯᠡᠷᠡᠭᠦᠯᠵᠦ᠂ ᠲᠤᠬᠠᠶ ᠵᠢᠨ ᠲᠠᠯᠠᠪᠠᠶ᠎ᠳᠤ ᠥᠨᠳᠥᠷ ᠳᠠᠷᠤᠯᠲᠠ ᠦᠵᠡᠭᠦᠯᠬᠦ᠂ ᠰᠦᠷᠳᠡᠭᠦᠯᠬᠦ ᠪᠠᠶ᠋ᠢᠳᠠᠯ᠎ᠢ ᠪᠣᠶ ᠪᠣᠯᠭ᠋ᠠᠵᠤ᠂ ᠵᠡᠪᠰᠡᠭ ᠵᠶ᠋ᠠᠷ ᠲᠡᠮᠡᠴᠡᠬᠦ ᠬᠣᠶᠠᠷ ᠡᠲᠡᠭᠡᠳ᠎ᠢ ᠠᠯᠪᠠᠳᠠᠵᠤ ᠪᠠᠶ᠋ᠢᠭ᠋ᠠᠳ ᠵᠡᠪᠰᠡᠭ ᠵᠶ᠋ᠠᠷ ᠲᠡᠮᠡᠴᠡᠬᠦ ᠵᠢ᠎ᠨᠢ ᠵᠣᠭᠰᠣᠭ᠋ᠠᠨ᠎ᠠ᠃
     (ᠲᠠᠪᠤ) ᠠᠯᠪᠡᠳᠡᠠ ᠰᠠᠯᠭ᠋ᠠᠵᠤ ᠠᠪᠠᠴᠢᠬᠤ᠄ ᠴᠠᠭ᠎ᠲᠤ᠎ᠨᠢ ᠲᠤᠬᠢᠷᠡᠭᠤᠯᠦᠠ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠵᠣᠬᠢᠶᠠᠨ ᠪᠠᠶ᠋ᠢᠭᠤᠯᠤᠭᠴᠢ ᠪᠠ ᠥᠳᠥᠭᠡᠭᠴᠢ ᠵᠢ ᠲᠤᠬᠠᠢ ᠵᠢᠨ ᠭᠠᠵᠠᠷ᠎ᠠᠴᠠ ᠠᠯᠪᠡᠳᠡᠠ ᠰᠠᠯᠭ᠋ᠠᠵᠤ ᠠᠪᠠᠴᠢᠨ᠎ᠠ᠃

ᠢᠷᠡᠯᠲᠡ᠄ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ