ᠠᠷᠠᠳᠤᠨ ᠴᠠᠭᠳᠠᠭᠠ ᠣᠯᠠᠨ ᠲᠦᠮᠡᠨᠤ 《ᠲᠡᠭᠳᠡᠭᠦᠷ ᠳ᠋ᠸᠩᠯᠦ》 ᠠᠰᠠᠭ᠋ᠠᠬᠤᠲᠠᠢ ᠲᠠᠭ᠋ᠠᠷᠠᠯᠳᠤᠪᠠᠯ ᠶᠠᠭ᠋ᠠᠬᠢᠬᠤ ᠪᠤᠢ?
(ᠨᠢᠭᠡ) ᠲᠡᠷᠡ ᠳᠠᠷᠤᠢᠳᠤᠨᠢ ᠬᠣᠷᠢᠭᠯᠠᠨ ᠵᠣᠭᠰᠣᠭ᠋ᠠᠬᠤ᠄ ᠲᠤᠬᠠᠢ ᠵᠢᠨ ᠲᠠᠯᠠᠪᠤᠷᠲᠤ ᠣᠯᠵᠤ ᠮᠡᠳᠡᠭᠰᠡᠨ ᠠᠰᠠᠭ᠋ᠠᠵᠤ ᠳᠡᠭᠳᠡᠭᠡᠬᠦ ᠦᠢ᠍ᠯᠡ ᠠᠵᠢᠯᠯᠠᠭᠠ ᠵᠢ ᠡᠷᠡᠰ ᠰᠢᠭᠤᠷᠬᠠᠢ ᠬᠣᠷᠢᠭᠯᠠᠨ ᠵᠣᠭᠰᠣᠭ᠋ᠠᠵᠤ᠂ ᠠᠰᠠᠭ᠋ᠠᠵᠤ ᠳᠡᠭᠳᠡᠭᠡᠬᠦ ᠦᠢ᠍ᠯᠡ ᠠᠵᠢᠯᠯᠠᠭᠠ ᠵᠢᠨ ᠬᠠᠤᠯᠢ ᠵᠢ ᠵᠥᠷᠢᠴᠡᠭᠰᠡᠨ ᠴᠢᠨᠠᠷᠢ ᠵᠢᠭ᠋ᠠᠵᠤ ᠭᠠᠷᠭ᠋ᠠᠵᠤ ᠥᠭᠭᠦᠨᠡ᠃
(ᠬᠣᠶᠠᠷ) ᠰᠤᠷᠭ᠋ᠠᠨ ᠬᠥᠮᠦᠵᠢᠭᠦᠯᠵᠦ ᠢᠳᠬᠠᠬᠤ᠄ 《ᠲᠡᠭᠳᠡᠭᠦᠷ ᠳ᠋ᠸᠩᠯᠦ 》 ᠠᠰᠠᠭ᠋ᠠᠬᠤ ᠵᠢᠨ ᠬᠣᠣᠷ ᠬᠥᠨᠥᠭᠡᠯᠤᠨ ᠦᠷᠡ ᠳ᠋ᠦᠩᠢ ᠣᠯᠠᠨ ᠲᠦᠮᠡᠨᠳᠤ ᠬᠠᠤᠯᠢ ᠶᠣᠰᠣᠭ᠋ᠠᠷ ᠮᠡᠳᠡᠭᠳᠡᠵᠦ᠂ ᠢᠳᠬᠠᠵᠤ ᠪᠠᠶ᠋ᠢᠭ᠋ᠠᠳ ᠬᠣᠶ᠋ᠢᠰᠢᠳᠠ ᠳᠠᠬᠢᠵᠤ ᠠᠰᠠᠭ᠋ᠠᠬᠤ ᠦᠭᠡᠢ ᠪᠠᠢ᠌ᠯᠭ᠋ᠠᠨᠠ᠃
(ᠭᠤᠷᠪᠠ) ᠬᠠᠤᠯᠢ ᠶᠣᠰᠣᠭ᠋ᠠᠷ ᠬᠣᠷᠢᠶᠠᠨ ᠠᠪᠬᠤ᠄ ᠠᠰᠠᠭ᠋ᠠᠭᠰᠠᠨ ᠦᠭᠡᠢ 《ᠲᠡᠭᠳᠡᠭᠦᠷ ᠳ᠋ᠸᠩᠯᠦ》ᠢ ᠬᠠᠤᠯᠢ ᠶᠣᠰᠣᠭ᠋ᠠᠷ ᠲᠡᠷᠡ ᠳᠠᠷᠤᠶᠳᠤᠨᠢ ᠬᠣᠷᠢᠶᠠᠨ ᠠᠪᠬᠤ ᠬᠡᠷᠡᠭᠲᠡᠶ᠃
(ᠳᠥᠷᠪᠡ) ᠬᠠᠤᠯᠢ ᠶᠣᠰᠣᠭ᠋ᠠᠷ ᠰᠢᠯᠵᠢᠭᠦᠯᠦᠨ ᠲᠤᠰᠢᠶᠠᠬᠤ᠄ ᠲᠤᠬᠠᠶ ᠵᠢᠨ ᠲᠠᠯᠠᠪᠠᠶᠳᠤ 《ᠲᠡᠭᠳᠡᠭᠦᠷ ᠳ᠋ᠸᠩᠯᠦ》ᠤᠨ ᠦᠢ᠍ᠯᠡᠳᠪᠦᠷᠢᠯᠡᠯ ᠪᠠ ᠪᠣᠷᠣᠯᠠᠭᠤᠯᠭᠠ ᠵᠢᠨ ᠦᠢ᠍ᠯᠡ ᠠᠵᠢᠯᠯᠠᠭᠠ ᠵᠢ ᠣᠯᠵᠤ ᠮᠡᠳᠡᠪᠡᠯ᠂ ᠶᠠᠰᠤ ᠴᠢᠨᠠᠷᠲᠤ ᠮᠡᠷᠭᠡᠵᠢᠯᠤᠨ ᠬᠢᠨᠠᠯᠲᠠ ᠲᠠᠯᠪᠢᠬᠤ ᠰᠠᠯᠠᠭᠠ ᠮᠥᠴᠢᠷ᠂ ᠠᠵᠤ ᠦᠢ᠍ᠯᠡᠳᠪᠦᠷᠢ ᠬᠤᠳᠠᠯᠳᠤᠭᠠ ᠵᠢᠨ ᠵᠠᠰᠠᠭ ᠵᠠᠬᠢᠷᠭ᠋ᠠᠨᠤ ᠬᠠᠮᠢᠶᠠᠷᠤᠯᠲᠠ ᠵᠢᠨ ᠰᠠᠯᠠᠭᠠ ᠮᠥᠴᠢᠷᠲᠤ ᠴᠠᠭ ᠲᠤᠬᠠᠶᠳᠤᠨᠢ ᠰᠢᠯᠵᠢᠭᠦᠯᠦᠨ ᠲᠤᠰᠢᠶᠠᠵᠤ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
ᠬᠠᠤᠯᠢ ᠴᠠᠭ᠋ᠠᠵᠠ ᠵᠢᠨ ᠦᠨᠳᠦᠰᠦᠯᠡᠯ᠄ 《ᠭᠠᠯ ᠰᠡᠷᠭᠡᠶ᠋ᠢᠯᠡᠨ ᠤᠨᠲᠠᠷᠠᠭ᠋ᠠᠬᠤ ᠬᠠᠤᠯᠢ》 ᠵᠢᠨ ᠵᠢᠷᠠᠨ ᠭᠤᠷᠪᠠᠳᠤᠭ᠋ᠠᠷ ᠵᠦᠢ᠍ᠯ᠂ ᠵᠢᠷᠠᠨ ᠳᠥᠷᠪᠡᠳᠦᠭᠡᠷ ᠵᠦᠢ᠍ᠯ᠂
《ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭᠠ ᠵᠢᠨ ᠵᠠᠰᠠᠭ ᠵᠠᠬᠢᠷᠭ᠋ᠠᠨᠤ ᠬᠡᠷᠡᠭᠢ ᠰᠢᠢ᠍ᠳᠪᠦᠷᠢᠯᠡᠬᠦ ᠵᠢᠷᠤᠮᠤᠨ ᠲᠤᠬᠠᠢ ᠲᠣᠭᠲᠠᠭ᠋ᠠᠯ》ᠤᠨ ᠠᠷᠪᠠᠨ ᠵᠢᠷᠭᠤᠳᠤᠭ᠋ᠠᠷ ᠵᠦᠢ᠍ᠯ᠃