ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠤᠨ ᠲᠤᠬᠠᠶ ᠳᠥᠭᠥᠮ ᠦᠭᠦᠯᠡᠬᠦ᠎ᠨᠢ
ᠨᠡᠶ᠋ᠢᠲᠡᠯᠡᠭᠰᠡᠨ ᠴᠠᠭ᠄ 2022-04-11

      ᠡᠶᠡᠳᠡᠭᠦᠯᠬᠦ ᠠᠵᠢᠯ ᠪᠣᠯ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠷᠠᠳ᠎ᠤᠨ ᠬᠣᠭᠣᠷᠣᠨᠳᠣᠬᠢ ᠵᠥᠷᠢᠴᠡᠯ ᠵᠠᠭᠤᠷᠠᠯᠳᠤᠭ᠋ᠠᠨ᠎ᠢ ᠠᠷᠢᠯᠭ᠋ᠠᠬᠤ ᠶᠠᠪᠤᠴᠠ᠎ᠳᠤ ᠲᠤᠶ᠋ᠢᠯ᠎ᠤᠨ ᠴᠢᠬᠤᠯᠠ ᠦᠢ᠍ᠯᠡᠳᠦᠯ ᠦᠵᠡᠭᠦᠯᠵᠦ ᠪᠤᠢ᠃ ᠵᠠᠷᠢᠮ ᠠᠮᠤᠷ ᠲᠦᠪᠰᠢᠨ᠎ᠤ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ ᠵᠥᠷᠢᠴᠡᠯ᠎ᠢ ᠪᠦᠲᠦᠮᠵᠢᠲᠡᠶ᠎ᠪᠠᠷ ᠵᠣᠬᠢᠴᠠᠭᠤᠯᠬᠤ᠎ᠨᠢ᠂ ᠠᠮᠤᠷ ᠲᠦᠪᠰᠢᠨ᠎ᠤ ᠬᠡᠮ ᠰᠣᠭᠣᠭ᠎ᠢ ᠪᠠᠭ᠋ᠠᠰᠬᠠᠬᠤ ᠵᠢᠨ ᠬᠠᠮᠲᠤ ᠳᠣᠲᠣᠭ᠋ᠠᠳᠤ ᠵᠢ ᠬᠠᠮᠠᠭ᠋ᠠᠯᠠᠬᠤ  ᠪᠠᠢ᠌ᠭᠤᠯᠭ᠎ᠠ ᠵᠢᠨ ᠢᠲᠡᠭᠡᠯ᠎ᠢ ᠨᠠᠩ ᠰᠠᠶ᠋ᠢᠨ ᠪᠣᠶ ᠪᠣᠯᠭ᠋ᠠᠵᠤ᠂ ᠨᠡᠶ᠋ᠢᠭᠡᠮ᠎ᠤᠨ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠨᠠᠩ ᠰᠠᠢ᠌ᠨ ᠪᠠᠲᠤᠯᠠᠬᠤ᠎ᠳᠤ ᠠᠰᠢᠭᠲᠠᠶ ᠪᠠᠶ᠋ᠢᠳᠠᠭ᠎ᠢ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠨᠠᠷ ᠰᠠᠢ᠌ᠨ ᠮᠡᠳᠡᠳᠡᠭ᠃ ᠨᠡᠶ᠋ᠢᠭᠡᠮ᠎ᠤᠨ ᠲᠠᠰᠤᠷᠠᠯᠲᠠ ᠥᠬᠡᠶ ᠬᠥᠭᠵᠢᠬᠦ ᠵᠢ ᠳᠠᠭ᠋ᠠᠯᠳᠤᠨ᠂ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠠᠵᠢᠯ᠎ᠳᠤ ᠴᠤ᠌ ᠡᠯ᠎ᠡ ᠵᠦᠢ᠍ᠯ᠎ᠤᠨ ᠰᠢᠨ᠎ᠡ ᠠᠰᠠᠭᠤᠳᠠᠯ ᠲᠤᠯᠭ᠋ᠠᠷᠠᠵᠤ᠂ ᠢᠯᠠᠩᠭᠤᠶ᠎ᠠ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠤᠬᠠᠮᠰᠠᠷ ᠪᠠ ᠬᠠᠤᠯᠢ ᠲᠦᠷᠢᠮ᠎ᠤᠨ ᠦᠵᠡᠯᠲᠡ ᠴᠢᠩᠭ᠋ᠠᠷᠠᠵᠤ᠂ ᠠᠷᠠᠳ᠎ᠤᠨ ᠴᠠᠭᠳᠠᠭ᠎ᠠ ᠵᠢᠨ ᠠᠵᠢᠯ᠎ᠳᠤ ᠴᠤ᠌ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠰᠢᠨ᠎ᠡ ᠪᠠᠶ᠋ᠢᠳᠠᠯ᠎ᠤᠨ ᠬᠡᠷᠡᠭᠴᠡᠭᠡ᠎ᠳᠤ ᠵᠣᠬᠢᠴᠠᠭᠤᠯᠤᠨ᠂ ᠨᠡᠶ᠋ᠢᠭᠡᠮ᠎ᠤᠨ ᠠᠮᠤᠷ ᠲᠦᠪᠰᠢᠨ ᠪᠤᠰᠤ ᠡᠯᠧᠮᠧᠨ᠋ᠲ᠎ᠢ ᠪᠠᠭ᠋ᠠᠰᠬᠠᠬᠤ ᠵᠢᠨ ᠲᠥᠯᠥᠭᠡ᠂ ᠤᠯᠠᠨ ᠲᠦᠮᠡᠨ᠎ᠤ ᠠᠵᠢᠯ᠎ᠤᠨ ᠳᠤᠮᠳᠠ ᠡᠶᠡᠳᠡᠭᠦᠯᠬᠦ ᠡᠨᠡ ᠬᠦ᠌ ᠪᠦᠲᠦᠮᠵᠢᠲᠡᠶ ᠠᠷᠭ᠎ᠠ ᠪᠠᠷᠢᠯ᠎ᠤᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠡᠶᠡᠳᠡᠭᠦᠯᠬᠦ ᠠᠵᠢᠯ᠎ᠢ ᠰᠤᠳᠤᠯᠤᠨ ᠶᠠᠷᠢᠯᠴᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠵᠠᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠢ ᠰᠠᠶ᠋ᠢᠲᠤᠷ ᠬᠢᠬᠦ᠎ᠳᠤ ᠳᠣᠣᠷᠠᠬᠢ ᠬᠡᠳᠦᠨ ᠲᠠᠯ᠎ᠠ ᠵᠢ ᠡᠵᠡᠮᠰᠢᠬᠦ ᠬᠡᠷᠡᠭᠲᠡᠶ᠄
      ᠨᠢᠭᠡ᠂ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠥᠨᠳᠦᠷ ᠪᠠᠢ᠌ᠬᠤ ᠬᠡᠷᠡᠭᠲᠡᠢ
      ᠡᠶᠡᠳᠡᠭᠦᠯᠬᠦ ᠠᠵᠢᠯ᠎ᠤᠨ ᠬᠠᠮᠤᠷᠤᠭᠳᠠᠬᠤ ᠬᠡᠪᠴᠢᠶ᠎ᠡ᠎ᠨᠢ ᠥᠷᠭᠡᠨ ᠮᠥᠷᠲᠡᠭᠡᠨ ᠪᠤᠳᠤᠯᠢᠶᠠᠨᠲᠠᠶ᠂ ᠥᠷᠭᠦᠯᠵᠡᠢ ᠲᠣᠬᠢᠶᠠᠯᠳᠤᠳᠠᠭ᠎ᠨᠢ ᠭᠡᠷ ᠪᠦᠯᠢ ᠵᠢᠨ ᠵᠠᠭᠤᠷᠠᠯᠳᠤᠭ᠋ᠠᠨ᠂ ᠬᠥᠷᠰᠢ ᠵᠡᠷᠭᠡᠯᠡᠳᠡᠭᠡ ᠵᠢᠨ ᠵᠠᠭᠤᠷᠠᠯᠳᠤᠭ᠋ᠠᠨ᠂ ᠣᠷᠣᠨ ᠰᠠᠭᠤᠴᠠ ᠵᠢᠨ ᠭᠠᠵᠠᠷ᠎ᠤᠨ ᠵᠠᠭᠤᠷᠠᠯᠳᠤᠭ᠋ᠠᠨ ᠵᠡᠷᠭᠡ ᠪᠠᠶ᠋ᠢᠳᠠᠭ᠃ ᠵᠠᠭᠤᠷᠠᠯᠳᠤᠭ᠋ᠠᠨ᠎ᠢ ᠡᠶᠡᠳᠡᠭᠦᠯᠬᠦ ᠡᠯ᠎ᠡ ᠵᠦᠢ᠍ᠯ᠎ᠤᠨ ᠠᠵᠢᠯ᠎ᠨᠢ ᠠᠷᠠᠳ᠎ᠤᠨ ᠴᠠᠭᠳᠠᠭ᠎ᠠ ᠵᠢᠨ ᠨᠡᠯᠢᠶᠡᠳ ᠴᠢᠩᠭ᠎ᠠ ᠦᠭᠡ ᠬᠡᠯᠡᠨ᠎ᠤ ᠢᠯᠡᠳᠬᠡᠬᠦ ᠴᠢᠳᠠᠪᠤᠷᠢ᠂ ᠬᠤᠷᠴᠠ ᠱᠠᠯᠠᠮᠠᠭ᠋ᠠᠶ ᠠᠷᠭ᠋ᠠᠴᠠᠬᠤ ᠴᠢᠳᠠᠪᠤᠷᠢ ᠵᠡᠷᠭᠡ ᠦᠨᠳᠦᠰᠦᠨ ᠱᠠᠭ᠋ᠠᠷᠳᠠᠯᠭ᠎ᠠ᠎ᠠᠴᠠ ᠭᠠᠳᠠᠨ᠎ᠠ ᠪᠠᠰᠠ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠡᠵᠡᠮᠰᠢᠬᠦ ᠬᠡᠷᠡᠭᠲᠡᠶ ᠵᠢ ᠱᠠᠭ᠋ᠠᠷᠳᠠᠨ᠎ᠠ᠃ ᠵᠥᠷᠢᠴᠡᠯ ᠵᠠᠭᠤᠷᠠᠯᠳᠤᠭ᠋ᠠᠨ᠎ᠳᠤ ᠤᠴᠠᠷᠠᠬᠤ ᠦᠶ᠎ᠡ᠎ᠳᠤ᠂ ᠬᠠᠤᠯᠢ ᠴᠠᠭ᠋ᠠᠵᠠ ᠵᠢᠨ ᠲᠠᠯ᠎ᠠ᠎ᠠᠴᠠ ᠭᠠᠷᠴᠤ ᠮᠡᠳᠡᠬᠦ ᠬᠠᠤᠯᠢ ᠴᠠᠭ᠋ᠠᠵᠠ ᠦᠷ᠎ᠡ ᠳ᠋ᠦᠩ ᠵᠢ ᠲᠠᠢ᠌ᠯᠪᠤᠷᠢᠯᠠᠵᠤ ᠥᠭᠬᠦ ᠬᠡᠷᠡᠭᠳᠡᠢ᠃ ᠡᠭᠦᠨ᠎ᠤ ᠬᠠᠮᠲᠤ ᠠᠵᠢᠯ᠎ᠤᠨ ᠳᠤᠮᠳᠠ᠎ᠪᠠᠨ ᠬᠤᠪᠢ ᠬᠥᠮᠦᠨ᠎ᠤ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠦᠶ᠎ᠡ ᠵᠢᠨ ᠲᠤᠷᠰᠢᠯᠭ᠎ᠠ ᠰᠤᠷᠭ᠋ᠠᠮᠵᠢ᠎ᠪᠠᠨ ᠳ᠋ᠦᠩᠨᠡᠬᠦ ᠬᠡᠷᠡᠭᠲᠡᠶ᠃ ᠭᠠᠭᠴᠠ ᠬᠦ᠌ ᠢᠩᠭᠢᠪᠡᠯ ᠰᠠᠶᠢ ᠠᠰᠠᠭᠤᠳᠠᠯ᠎ᠢ ᠰᠢᠢ᠍ᠳᠪᠦᠷᠢᠯᠡᠬᠦ ᠶᠠᠪᠤᠴᠠ᠎ᠳᠤ ᠶᠣᠰᠣ᠎ᠲᠠᠢ ᠪᠠᠷᠢᠮᠲᠠ᠎ᠲᠠᠢ ᠪᠥᠭᠡᠳ ᠡᠪᠲᠡᠶ᠋ᠢᠬᠡᠨ ᠰᠢᠢ᠍ᠳᠪᠦᠷᠢᠯᠡᠵᠦ ᠴᠢᠳᠠᠨ᠎ᠠ᠃
      ᠬᠣᠶᠠᠷ᠂ ᠪᠠᠲᠤ ᠪᠡᠬᠢ ᠤᠯᠠᠨ ᠲᠦᠮᠡᠨ᠎ᠤ ᠰᠠᠭᠤᠷᠢ ᠵᠢ ᠴᠤᠭᠴᠠᠯᠠᠬᠤ ᠬᠡᠷᠡᠭᠳᠡᠢ
      ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ᠎ᠨᠢ ᠲᠡᠷᠡ ᠴᠢᠭ ᠵᠶ᠋ᠠᠷ ᠵᠶ᠋ᠠᠨ ᠤᠯᠠᠨ ᠲᠦᠮᠡᠨ᠎ᠤ ᠠᠵᠢᠯ ᠮᠥᠨ᠂ ᠡᠶᠡᠳᠡᠭᠦᠯᠬᠦ ᠠᠵᠢᠯ᠎ᠢ ᠰᠠᠢ᠍ᠢ᠍ᠨ ᠬᠢᠬᠦ᠎ᠳᠤ ᠠᠷᠠᠳ᠎ᠤᠨ ᠴᠠᠭᠳᠠᠭ᠎ᠠ ᠵᠢ ᠠᠯᠢᠪᠠ ᠪᠦᠬᠦᠨ᠎ᠳᠤ ᠤᠯᠠᠨ ᠲᠦᠮᠡᠨ᠎ᠤ ᠠᠰᠢᠭ ᠲᠤᠰᠠ᠎ᠠᠴᠠ ᠡᠭᠦᠰᠬᠦ ᠵᠢ ᠱᠠᠭ᠋ᠠᠷᠳᠠᠨ᠎ᠠ᠃ ᠡᠶ᠋ᠢᠮᠦ᠎ᠠᠴᠠ ᠠᠷᠠᠳ᠎ᠤᠨ ᠴᠠᠭᠳᠠᠭ᠎ᠠ ᠡᠳᠦᠷ ᠲᠤᠲᠤᠮ᠎ᠤᠨ ᠠᠵᠢᠯ᠎ᠤᠨ ᠳᠤᠮᠳᠠ᠎ᠪᠠᠨ ᠥᠪᠡᠷ᠎ᠤᠨ ᠠᠵᠢᠯ᠎ᠤᠨ ᠳᠦᠷᠢ ᠲᠥᠷᠬᠦ᠎ᠪᠠᠨ ᠴᠢᠬᠤᠯᠠᠴᠢᠯᠠᠵᠤ᠂ ᠲᠤᠬᠠᠶ᠋ᠢᠯᠠᠭᠰᠠᠨ ᠠᠵᠢᠯ᠎ᠤᠨ ᠳᠣᠲᠣᠷᠠᠬᠢ ᠤᠯᠠᠨ ᠲᠦᠮᠡᠨ᠎ᠳᠤ ᠲᠤᠯᠭ᠋ᠠᠷᠠᠭᠰᠠᠨ ᠠᠰᠠᠭᠤᠳᠠᠯ᠎ᠢ ᠴᠠᠭ ᠲᠤᠬᠠᠶ᠎ᠳᠤ᠎ᠨᠢ ᠬᠠᠪᠰᠤᠷᠬᠤ ᠵᠢᠨ ᠬᠠᠮᠲᠤ ᠬᠣᠯᠪᠣᠭᠳᠠᠯ ᠪᠦᠬᠦᠢ ᠵᠥᠷᠢᠴᠡᠯ ᠵᠢᠭᠤᠷᠠᠯᠳᠤᠭ᠋ᠠᠨ᠎ᠳᠤ ᠳᠡᠭᠡᠳᠦ ᠬᠡᠮᠵᠢᠶᠡᠨ᠎ᠤ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ᠂ ᠡᠷᠬᠡ ᠲᠡᠭᠰᠢ᠂ ᠲᠥᠪ ᠭᠣᠣᠯᠴᠢ᠎ᠪᠠᠷ ᠬᠠᠨᠳᠤᠵᠤ᠂ ᠡᠯ᠎ᠡ ᠲᠠᠯ᠎ᠠ ᠵᠢᠨ ᠠᠰᠢᠭ ᠲᠤᠰᠠ ᠵᠢ ᠦᠯᠦ ᠬᠣᠬᠢᠷᠠᠭᠤᠯᠬᠤ ᠪᠤᠶᠤ ᠬᠣᠬᠢᠷᠠᠯ᠎ᠤᠨ ᠠᠰᠢᠭ ᠲᠤᠰᠠ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠯᠪᠡᠷᠢ᠎ᠪᠠᠷ ᠡᠶᠡᠳᠡᠭᠦᠯᠵᠦ᠂ ᠡᠭᠦᠨ᠎ᠤ ᠤᠯᠠᠮ᠎ᠠᠴᠠ ᠬᠤᠪᠢ ᠬᠥᠮᠦᠨ᠎ᠤ ᠢᠲᠡᠭᠡᠯ ᠬᠦᠨᠳᠦ᠎ᠪᠠᠨ ᠳᠡᠭᠡᠭᠰᠢᠯᠡᠭᠦᠯᠵᠦ᠂ ᠤᠯᠠᠨ ᠲᠦᠮᠡᠨ᠎ᠲᠠᠢ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠲᠠᠢ ᠬᠠᠷᠢᠴᠠᠭ᠎ᠠ ᠪᠠᠢ᠌ᠭᠤᠯᠤᠨ᠎ᠠ᠃
      ᠠᠷᠠᠳ᠎ᠤᠨ ᠴᠠᠭᠳᠠᠭ᠎ᠠ ᠵᠢᠨ ᠪᠤᠢ ᠪᠣᠯᠭ᠋ᠠᠭᠰᠠᠨ ᠠᠵᠢᠯ᠎ᠤᠨ ᠢᠲᠡᠭᠡᠯ ᠬᠦᠨᠳᠦ᠎ᠨᠢ ᠵᠠᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠠᠵᠢᠯ᠎ᠤᠨ ᠳᠤᠮᠳᠠ ᠤᠯᠠᠨ ᠲᠦᠮᠡᠨ᠎ᠤ ᠣᠶ᠋ᠢᠯᠠᠭ᠋ᠠᠯᠲᠠ ᠪᠠ ᠳᠡᠮᠵᠢᠯᠭᠡ ᠵᠢ ᠣᠯᠵᠤ ᠴᠢᠳᠠᠬᠤ᠎ᠪᠠᠷ ᠪᠠᠷᠠᠬᠤ ᠦᠭᠡᠢ ᠪᠠᠰᠠ ᠬᠣᠶᠠᠷ ᠲᠠᠯ᠎ᠠ ᠵᠢᠨ ᠲᠤᠬᠠᠶ ᠵᠢᠨ ᠬᠥᠮᠦᠨ᠎ᠤ ᠢᠲᠡᠭᠡᠯ ᠪᠠ ᠬᠦᠨᠳᠦᠳᠬᠡᠯ᠎ᠢ ᠣᠯᠵᠤ᠂ ᠡᠨᠡ᠎ᠨᠢ ᠪᠠᠶ᠋ᠢᠴᠠᠭ᠋ᠠᠵᠤ ᠭᠡᠷᠡᠴᠢ ᠠᠪᠬᠤ ᠠᠵᠢᠯ᠎ᠤᠨ ᠪᠦᠲᠦᠮᠵᠢᠲᠡᠶ  ᠪᠠ ᠡᠶᠡᠳᠡᠭᠦᠯᠬᠦ ᠠᠵᠢᠯ᠎ᠤᠨ ᠤᠷᠤᠭᠰᠢᠲᠠᠶ ᠶᠠᠪᠤᠭᠳᠠᠬᠤ᠎ᠳᠤ ᠠᠰᠢᠭᠲᠠᠢ ᠶᠤᠮ᠃
      ᠭᠤᠷᠪᠠ᠂ ᠬᠤᠪᠢ ᠬᠥᠮᠦᠨ᠎ᠤ ᠴᠢᠳᠠᠪᠤᠷᠢ ᠵᠢᠨ ᠬᠥᠮᠦᠵᠢᠯ᠎ᠢ ᠴᠢᠩᠭ᠋ᠠᠳᠬᠠᠬᠤ ᠬᠡᠷᠡᠭᠲᠡᠢ
      (ᠨᠢᠭᠡ) ᠬᠤᠪᠢ ᠬᠥᠮᠦᠨ᠎ᠤ ᠤᠷᠢᠳᠴᠢᠯᠠᠨ ᠮᠡᠳᠡᠬᠦ ᠴᠢᠳᠠᠪᠤᠷᠢ ᠵᠢ ᠬᠥᠮᠦᠵᠢᠭᠦᠯᠦᠨ᠎ᠡ᠃
      ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠪᠣᠯᠤᠭᠰᠠᠨ᠎ᠤ ᠬᠤᠪᠢ᠎ᠳᠤ᠂ ᠡᠯ᠎ᠡ ᠵᠦᠢ᠍ᠯ᠎ᠤᠨ ᠬᠡᠷᠡᠭ ᠪᠤᠶᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ᠎ᠳᠤ᠎ᠪᠠᠨ ᠤᠷᠢᠳᠴᠢᠯᠠᠬᠤ ᠤᠬᠠᠮᠰᠠᠷ᠎ᠲᠠᠢ ᠪᠠᠶ᠋ᠢᠬᠤ ᠬᠡᠷᠡᠭᠲᠡᠶ᠃ ᠬᠤᠪᠢ ᠵᠢᠨ ᠠᠵᠢᠯ ᠵᠶ᠋ᠠᠨ ᠭᠦᠢ᠍ᠴᠡᠳ ᠬᠢᠭᠰᠡᠨ ᠰᠠᠭᠤᠷᠢ᠎ᠪᠠᠷ ᠤᠷᠢᠲᠠᠯ ᠪᠣᠯᠭ᠋ᠠᠵᠤ᠂ ᠬᠠᠷᠢᠶ᠎ᠠ ᠣᠷᠣᠨ᠎ᠳᠤ ᠭᠠᠷᠴᠤ ᠮᠡᠳᠡᠬᠦ ᠡᠯ᠎ᠡ ᠵᠦᠢ᠍ᠯ᠎ᠤᠨ ᠠᠰᠠᠭᠤᠳᠠᠯ ᠵᠢᠴᠢ ᠭᠠᠷᠴᠤ ᠮᠡᠳᠡᠬᠦ ᠦᠷ᠎ᠡ ᠳ᠋ᠦᠩ᠎ᠢ ᠤᠷᠢᠳᠴᠢᠯᠠᠨ ᠵᠢᠱ᠌ᠢᠬᠦ ᠵᠢᠨ ᠬᠠᠮᠲᠤ ᠬᠣᠯᠪᠣᠭᠳᠠᠯ ᠪᠦᠬᠦᠢ ᠪᠠᠶ᠋ᠢᠳᠠᠯ᠎ᠳᠤ ᠴᠢᠭᠯᠡᠭᠦᠯᠦᠨ ᠪᠡᠯᠡᠳᠬᠡᠯ ᠲᠥᠰᠦᠯ᠎ᠢ ᠰᠠᠶ᠋ᠢᠲᠤᠷ ᠬᠢᠵᠦ᠂ ᠡᠯ᠎ᠡ ᠵᠦᠢ᠍ᠯ᠎ᠤᠨ ᠭᠡᠨᠡᠳᠲᠡ ᠵᠢᠨ ᠪᠠᠶ᠋ᠢᠳᠠᠯ᠎ᠢ ᠠᠷᠭ᠋ᠠᠴᠠᠨ᠎ᠠ᠃
      (ᠬᠣᠶᠠᠷ) ᠪᠠᠶ᠋ᠢᠳᠠᠯ᠎ᠢ ᠡᠵᠡᠮᠳᠡᠬᠦ ᠴᠢᠳᠠᠪᠤᠷᠢ ᠵᠢ ᠬᠥᠮᠦᠵᠢᠭᠦᠯᠦᠨ᠎ᠡ᠃
       ᠶᠡᠷᠦ᠎ᠨᠢ ᠶᠠᠯᠢᠮ ᠦᠭᠡᠢ ᠪᠠᠭ᠎ᠠ ᠶᠠᠪᠤᠳᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠵᠦ ᠳᠡᠶ᠋ᠢᠯᠦᠭᠰᠡᠨ ᠦᠭᠡᠢ᠎ᠠᠴᠠ ᠡᠯ᠎ᠡ ᠵᠦᠢ᠍ᠯ᠎ᠤᠨ ᠬᠤᠷᠴᠠ ᠰᠢᠷᠦᠭᠦᠨ ᠵᠠᠭᠤᠷᠠᠯᠳᠤᠭ᠋ᠠᠨ ᠪᠣᠯᠤᠨ ᠬᠤᠪᠢᠷᠠᠵᠤ ᠮᠡᠳᠡᠨ᠎ᠡ᠃ ᠡᠶ᠋ᠢᠮᠦ᠎ᠠᠴᠠ ᠵᠠᠭᠤᠷᠠᠯᠳᠤᠭ᠋ᠠᠨ᠎ᠤ ᠡᠭᠦᠰᠦᠭᠰᠡᠨ᠎ᠠᠴᠠ ᠰᠢᠢ᠍ᠳᠪᠦᠷᠢᠯᠡᠨ ᠳᠠᠭᠤᠰᠤᠭᠰᠠᠨ ᠪᠦᠬᠦᠶ᠋ᠢᠯᠡ ᠶᠠᠪᠤᠴᠠ᠎ᠳᠤ ᠵᠥᠷᠢᠴᠡᠯ᠎ᠤᠨ ᠭᠣᠣᠯᠳᠠᠯᠭ᠎ᠠ ᠵᠢ ᠡᠷᠢᠬᠦ ᠵᠢᠨ ᠬᠠᠮᠲᠤ ᠡᠭᠦᠨ ᠵᠶ᠋ᠠᠷ ᠰᠢᠪᠲᠤᠯᠤᠯᠲᠠ ᠵᠢᠨ ᠴᠡᠭ ᠪᠣᠯᠭ᠋ᠠᠵᠤ᠂ ᠠᠰᠠᠭᠤᠳᠠᠯ᠎ᠢ ᠰᠢᠢ᠍ᠳᠪᠦᠷᠢᠯᠡᠬᠦ᠎ᠪᠠᠷ ᠤᠷᠢᠲᠠᠯ ᠪᠣᠯᠭ᠋ᠠᠨ ᠲᠤᠬᠠᠶ ᠵᠢᠨ ᠲᠠᠯᠠᠪᠤᠷ᠎ᠢ ᠴᠢᠩᠭ᠎ᠠ ᠡᠵᠡᠮᠳᠡᠵᠦ᠂ ᠡᠶᠡᠳᠡᠭᠦᠯᠬᠦ ᠶᠠᠪᠤᠴᠠ᠎ᠳᠤ ᠢᠯᠡᠷᠡᠭᠰᠡᠨ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠳᠤ ᠴᠢᠭᠯᠡᠭᠦᠯᠦᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠪᠠᠶ᠋ᠢᠳᠠᠯ᠎ᠢ ᠴᠢᠩᠭ᠎ᠠ ᠡᠵᠡᠮᠳᠡᠬᠦ ᠬᠡᠷᠡᠭᠲᠡᠶ᠃
      (ᠭᠤᠷᠪᠠ)  ᠠᠷᠭ᠋ᠠᠴᠠᠬᠤ ᠴᠢᠳᠠᠪᠤᠷᠢ ᠵᠢ ᠬᠥᠮᠦᠵᠢᠭᠦᠯᠦᠨ᠎ᠡ᠃
      ᠶᠠᠮᠠᠷ ᠵᠦᠢ᠍ᠯ᠎ᠤᠨ ᠵᠠᠭᠤᠷᠠᠯᠳᠤᠭ᠋ᠠᠨ ᠪᠣᠯᠣᠭᠰᠠᠨ ᠴᠤ᠌᠂ ᠲᠤᠬᠠᠶ ᠵᠢᠨ ᠬᠥᠮᠦᠨ ᠴᠥᠮ ᠥᠪᠡᠷ᠎ᠤᠨ ᠪᠡᠶ᠎ᠡ᠎ᠳᠤ᠎ᠪᠠᠨ ᠠᠰᠢᠭᠲᠠᠶ ᠪᠠᠢ᠌ᠬᠤ ᠵᠢ ᠬᠦᠰᠡᠳᠡᠭ᠂  ᠡᠶ᠋ᠢᠮᠦ᠎ᠠᠴᠠ ᠠᠷᠠᠳ᠎ᠤᠨ ᠴᠠᠭᠳᠠᠭ᠎ᠠ ᠬᠣᠶᠠᠷ ᠲᠠᠯ᠎ᠠ ᠵᠢᠨ ᠲᠤᠬᠠᠶ ᠵᠢᠨ ᠬᠥᠮᠦᠨ᠎ᠤ  ᠵᠠᠩ   ᠠᠭ᠋ᠠᠰᠢ᠂  ᠰᠡᠳᠬᠢᠴᠡ ᠎ᠳᠤ  ᠣᠨᠣᠪᠴᠢᠲᠠᠶ  ᠮᠠᠭ᠋ᠠᠳᠯᠠᠯᠲᠠ  ᠵᠠᠳᠠᠯᠤᠯᠲᠠ ᠬᠢᠵᠦ᠂ ᠬᠥᠭ᠎ᠢ ᠰᠠᠶ᠋ᠢᠲᠤᠷ ᠡᠵᠡᠮᠳᠡᠵᠦ᠂ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠦᠶ᠎ᠡ ᠵᠢᠨ ᠡᠭᠦᠰᠴᠦ ᠮᠡᠳᠡᠬᠦ ᠡᠯ᠎ᠡ ᠵᠦᠢ᠍ᠯ᠎ᠤᠨ ᠭᠡᠨᠡᠳᠲᠡ ᠵᠢᠨ ᠠᠰᠠᠭᠤᠳᠠᠯ᠎ᠢ ᠠᠷᠭ᠋ᠠᠴᠠᠬᠤ ᠬᠡᠷᠡᠭᠲᠡᠢ᠃ ᠡᠶ᠋ᠢᠮᠦ᠎ᠠᠴᠠ ᠠᠷᠠᠳ᠎ᠤᠨ ᠴᠠᠭᠳᠠᠭ᠎ᠠ ᠡᠳᠦᠷ ᠲᠤᠲᠤᠮ᠎ᠤᠨ ᠠᠵᠢᠯ᠎ᠤᠨ ᠳᠤᠮᠳᠠ᠎ᠠᠴᠠ ᠲᠤᠷᠰᠢᠯᠭ᠎ᠠ ᠬᠤᠷᠠᠮᠳᠤᠭᠤᠯᠵᠤ᠂ ᠥᠷᠭᠦᠯᠵᠡᠢ ᠲᠣᠬᠢᠶᠠᠯᠳᠤᠳᠠᠭ ᠬᠡᠳᠦᠨ ᠵᠦᠢ᠍ᠯ᠎ᠤᠨ ᠠᠳᠠᠯᠢ ᠪᠤᠰᠤ ᠪᠠᠢ᠌ᠳᠠᠯ᠎ᠤᠨ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠲᠥᠰᠦᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠥᠪᠡᠷ᠎ᠤᠨ ᠠᠰᠠᠭᠤᠳᠠᠯ᠎ᠢ ᠠᠷᠭ᠋ᠠᠴᠠᠬᠤ ᠴᠢᠳᠠᠪᠤᠷᠢ᠎ᠪᠠᠨ ᠬᠥᠮᠦᠵᠢᠭᠦᠯᠬᠦ ᠬᠡᠷᠡᠭᠲᠡᠶ᠃
      ᠲᠦᠷᠪᠡ᠂ ᠪᠣᠳᠠᠲᠠᠶ ᠠᠵᠢᠯ᠎ᠤᠨ ᠳᠤᠮᠳᠠ ᠬᠡᠳᠦᠨ ᠲᠠᠯ᠎ᠠ ᠵᠢ ᠠᠩᠬᠠᠷᠬᠤ ᠬᠡᠷᠡᠭᠲᠡᠶ
      (ᠨᠢᠭᠡ)  ᠬᠡᠷᠡᠭ᠎ᠤᠨ ᠲᠠᠯᠠᠪᠤᠷ ᠲᠦᠷᠭᠡᠨ ᠬᠦᠷᠬᠦ ᠪᠣᠯ ᠵᠥᠷᠢᠴᠡᠯ᠎ᠢ ᠠᠮᠠᠷᠬᠠᠨ ᠡᠶᠡᠳᠡᠭᠦᠯᠬᠦ ᠵᠢᠨ ᠵᠠᠩᠭᠢᠯᠠᠭ᠎ᠠ ᠮᠥᠨ
      ᠵᠥᠷᠢᠴᠡᠯ ᠵᠠᠭᠤᠷᠠᠯᠳᠤᠭ᠋ᠠᠨ᠎ᠤ ᠡᠮᠦᠨᠡᠬᠢ ᠬᠤᠭᠤᠴᠠᠭ᠋ᠠᠨ᠎ᠤ ᠢᠯᠡᠷᠡᠯ᠎ᠨᠢ ᠶᠡᠷᠦ᠎ᠳᠤ᠎ᠪᠠᠨ ᠮᠠᠷᠭᠤᠯᠳᠤᠭ᠋ᠠᠨ ᠪᠤᠶᠤ ᠬᠡᠷᠡᠭᠦᠯ᠎ᠤᠨ ᠬᠤᠭᠤᠴᠠᠭ᠋ᠠᠨ᠎ᠳᠤ ᠪᠠᠢ᠌ᠳᠠᠭ᠂ ᠬᠡᠷᠪᠡ ᠠᠷᠠᠳ᠎ᠤᠨ ᠴᠠᠭᠳᠠᠭ᠎ᠠ ᠡᠨᠡ ᠬᠦ᠌ ᠱᠠᠲᠤᠨ᠎ᠳᠤ ᠳᠠᠷᠤᠢ ᠲᠦᠷᠭᠡᠨ ᠬᠦᠷᠴᠦ᠂ ᠴᠠᠭ ᠲᠤᠬᠠᠶ᠎ᠳᠤ᠎ᠨᠢ ᠡᠶᠡᠳᠡᠭᠦᠯᠬᠦ ᠠᠵᠢᠯ᠎ᠢ ᠬᠢᠵᠦ ᠴᠢᠳᠠᠪᠠᠯ᠂ ᠬᠡᠷᠡᠭ᠎ᠤᠨ ᠪᠠᠶ᠋ᠢᠳᠠᠯ᠎ᠤᠨ ᠤᠯᠠᠮ ᠨᠢᠭᠡ ᠠᠯᠬᠤᠮ ᠶᠡᠬᠡᠳᠬᠦ ᠵᠢ ᠰᠡᠷᠭᠡᠶ᠋ᠢᠯᠡᠵᠦ ᠴᠢᠳᠠᠨ᠎ᠠ᠃ ᠡᠢ᠌ᠮᠦ᠎ᠠᠴᠠ ᠡᠯ᠎ᠡ ᠵᠦᠢ᠍ᠯ᠎ᠤᠨ ᠵᠥᠷᠢᠴᠡᠯ ᠵᠠᠭᠤᠷᠠᠯᠳᠤᠭ᠋ᠠᠨ᠎ᠢ ᠪᠦᠲᠦᠮᠵᠢᠲᠡᠢ ᠰᠢᠢ᠍ᠳᠪᠦᠷᠢᠯᠡᠬᠦ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠵᠢᠵᠢᠭᠦᠷ᠎ᠤᠨ ᠪᠡᠯᠡᠳᠬᠡᠯ ᠠᠵᠢᠯ᠎ᠤᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠴᠠᠭᠳᠠᠭ᠋ᠠᠨ᠎ᠤ ᠬᠦᠴᠦᠨ᠎ᠢ ᠪᠠᠲᠤᠯᠠᠬᠤ ᠵᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ ᠵᠢᠨ ᠲᠦᠷᠢᠮ᠎ᠢ ᠲᠡᠭᠦᠯᠳᠡᠷᠵᠢᠭᠦᠯᠬᠦ ᠬᠡᠷᠡᠭᠲᠡᠶ᠃
      (ᠬᠣᠶᠠᠷ) ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠴᠠᠭ ᠲᠤᠬᠠᠶ᠎ᠳᠤ᠎ᠨᠢ ᠵᠣᠬᠢᠴᠠᠭᠤᠯᠬᠤ ᠪᠣᠯ ᠠᠮᠵᠢᠯᠲᠠ᠎ᠲᠠᠢ ᠡᠶᠡᠳᠡᠭᠦᠯᠬᠦ ᠵᠢᠨ ᠵᠠᠩᠭᠢᠯᠠᠭ᠎ᠠ ᠮᠥᠨ
      ᠵᠥᠷᠢᠴᠡᠯ ᠵᠠᠭᠤᠷᠠᠯᠳᠤᠭ᠋ᠠᠨ᠎ᠨᠢ ᠬᠡᠳᠦᠶ᠋ᠢᠪᠡᠷ ᠠᠮᠤᠷ᠎ᠢ ᠬᠠᠮᠠᠭ᠋ᠠᠯᠠᠬᠤ ᠪᠠᠭ᠋ᠠᠬᠠᠨ ᠬᠡᠷᠡᠭ ᠪᠣᠯᠪᠠᠴᠤ ᠠᠷᠠᠳ᠎ᠤᠨ ᠴᠠᠭᠳᠠᠭ᠎ᠠ ᠠᠵᠢᠯ᠎ᠤᠨ ᠳᠤᠮᠳᠠ᠎ᠪᠠᠨ ᠭᠦᠨᠵᠡᠭᠡᠶ ᠪᠥᠭᠡᠳ ᠨᠠᠷᠢᠨ ᠨᠢᠮᠪᠠᠶ ᠪᠠᠶ᠋ᠢᠴᠠᠭ᠋ᠠᠯᠲᠠ ᠬᠢᠵᠦ ᠭᠡᠷᠡᠴᠢ ᠠᠪᠬᠤ ᠦᠭᠡᠶ ᠪᠣᠯ ᠵᠥᠷᠢᠴᠡᠯ᠎ᠲᠠᠢ ᠬᠣᠶᠠᠷ ᠡᠲᠡᠭᠡᠳ᠎ᠢ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠣᠳᠬᠤ ᠪᠦᠲᠦᠮᠵᠢᠲᠡᠶ ᠦᠨᠳᠦᠰᠦ ᠪᠠᠷᠢᠮᠲᠠ ᠳᠤᠲᠠᠭᠳᠠᠵᠤ᠂ ᠡᠭᠦᠨ᠎ᠤ ᠬᠠᠮᠲᠤ ᠡᠶᠡᠳᠡᠭᠦᠯᠭᠡ ᠵᠢᠨ ᠡᠷᠬᠡ ᠲᠡᠭᠰᠢ᠂ ᠲᠥᠪ ᠭᠣᠣᠯᠴᠢ ᠪᠠᠶ᠋ᠢᠬᠤ ᠵᠢ ᠪᠠᠲᠤᠯᠠᠬᠤ ᠵᠢᠨ ᠠᠷᠭ᠎ᠠ ᠦᠭᠡᠶ ᠪᠣᠯᠵᠤ᠂ ᠠᠵᠢᠯ᠎ᠤᠨ ᠪᠦᠲᠦᠮᠵᠢ ᠵᠢ ᠳᠣᠷᠣᠭᠰᠢᠯᠠᠭᠤᠯᠤᠨ᠎ᠠ᠃ ᠡᠶ᠋ᠢᠮᠦ᠎ᠠᠴᠠ ᠠᠵᠢᠯ᠎ᠤᠨ ᠳᠤᠮᠳᠠ᠎ᠪᠠᠨ ᠵᠠᠭᠤᠷᠠᠯᠳᠤᠭ᠋ᠠᠨ᠎ᠢ ᠣᠯᠵᠤ ᠮᠡᠳᠡᠭᠰᠡᠨ ᠪᠠ ᠬᠦᠯᠢᠶᠡᠨ ᠠᠪᠴᠤ ᠰᠢᠢ᠍ᠳᠪᠦᠷᠢᠯᠡᠭᠰᠡᠨ᠎ᠤ ᠳᠠᠷᠠᠭ᠎ᠠ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ᠎ᠪᠠᠷ ᠨᠠᠷᠢᠨ ᠬᠢᠨᠠᠮᠠᠭ᠋ᠠᠶ ᠬᠠᠨᠳᠤᠬᠤ ᠵᠢᠨ ᠬᠠᠮᠲᠤ ᠪᠠᠶ᠋ᠢᠴᠠᠭ᠋ᠠᠬᠤ ᠪᠠ ᠭᠡᠷᠡᠴᠢ ᠪᠠᠷᠢᠮᠲᠠ ᠴᠤᠭᠯᠠᠭᠤᠯᠬᠤ ᠠᠵᠢᠯ᠎ᠢ ᠴᠠᠭ ᠲᠤᠬᠠᠶ᠎ᠳᠤ᠎ᠨᠢ ᠥᠷᠨᠢᠭᠦᠯᠵᠦ᠂ ᠪᠠᠶ᠋ᠢᠴᠠᠭ᠋ᠠᠵᠤ ᠭᠡᠷᠡᠴᠢ ᠠᠪᠬᠤ᠎ᠪᠠᠷ ᠳᠠᠮᠵᠢᠭᠤᠯᠤᠨ ᠪᠣᠳᠠᠲᠠᠶ ᠰᠢᠯᠲᠠᠭ᠋ᠠᠨ ᠪᠠ ᠶᠠᠪᠤᠴᠠ ᠵᠢ ᠪᠠᠶ᠋ᠢᠴᠠᠭ᠋ᠠᠨ ᠣᠢ᠌ᠯᠭ᠋ᠠᠵᠤ᠂ ᠡᠶᠡᠳᠡᠭᠦᠯᠬᠦ ᠠᠵᠢᠯ᠎ᠳᠤ ᠰᠠᠭᠤᠷᠢ ᠲᠠᠯᠪᠢᠬᠤ ᠬᠡᠷᠡᠭᠲᠡᠶ᠃
      ᠲᠠᠪᠤ᠂ ᠵᠠᠭᠤᠷᠠᠯᠳᠤᠭ᠋ᠠᠨ᠎ᠢ ᠡᠶᠡᠳᠡᠭᠦᠯᠬᠦ᠎ᠳᠤ ᠦᠷᠭᠦᠯᠵᠢ ᠬᠡᠷᠡᠭᠯᠡᠳᠡᠭ ᠠᠷᠭ᠎ᠠ
      ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠳᠤ ᠭᠣᠣᠯᠳᠠᠭᠤ ᠳᠣᠣᠷᠠᠬᠢ ᠬᠣᠶᠠᠷ ᠵᠦᠢ᠍ᠯ᠎ᠤᠨ ᠠᠷᠭ᠎ᠠ ᠪᠤᠢ᠄
      1. ᠨᠠᠮᠳᠠᠭᠤᠯᠤᠨ ᠲᠣᠬᠣᠨᠢᠭᠤᠯᠬᠤ ᠠᠷᠭ᠎ᠠ᠃ ᠠᠳᠠᠯᠢ ᠪᠤᠰᠤ ᠲᠤᠬᠠᠶ ᠵᠢᠨ ᠬᠥᠮᠦᠨ᠎ᠤ ᠠᠳᠠᠯᠢ ᠪᠤᠰᠤ ᠵᠢᠨ ᠪᠠᠶ᠋ᠢᠳᠠᠯ᠎ᠳᠤ ᠴᠢᠭᠯᠡᠭᠦᠯᠦᠨ᠂ 《ᠰᠠᠯᠭ᠋ᠠᠬᠤ》 ᠪᠠ 《ᠨᠢᠭᠤᠷᠳᠠᠬᠤ》 ᠵᠢ ᠤᠶᠠᠯᠳᠤᠭᠤᠯᠬᠤ ᠠᠷᠭ᠎ᠠ ᠵᠢ ᠠᠪᠴᠤ᠂ ᠬᠣᠶᠠᠷ ᠲᠠᠯ᠎ᠠ ᠵᠢ ᠴᠥᠮ ᠨᠠᠮᠵᠢᠭᠤᠨ ᠪᠠᠶ᠋ᠢᠯᠭ᠋ᠠᠵᠤ᠂ ᠲᠤᠰ ᠲᠤᠰ᠎ᠲᠤ᠎ᠨᠢ ᠶᠠᠷᠢᠯᠴᠠᠬᠤ᠂ ᠲᠡᠳᠡᠨ᠎ᠤ ᠲᠤᠰ ᠲᠤᠰ᠎ᠤᠨ ᠠᠰᠢᠭ ᠲᠤᠰᠠ᠎ᠠᠴᠠ᠎ᠪᠠᠨ ᠡᠭᠦᠰᠴᠦ᠂ ᠤᠴᠢᠷ ᠶᠣᠰᠣ ᠵᠢ ᠣᠢ᠌ᠯᠠᠭ᠋ᠠᠭᠤᠯᠵᠤ᠂ ᠪᠤᠷᠤᠭᠤ ᠲᠠᠯ᠎ᠠ ᠵᠢ᠎ᠨᠢ ᠵᠢᠭ᠋ᠠᠨ ᠭᠠᠷᠭ᠋ᠠᠵᠤ᠂ ᠨᠠᠷᠢᠨ ᠬᠢᠨᠠᠮᠠᠭ᠋ᠠᠶ ᠡᠶᠡᠳᠡᠭᠦᠯᠭᠡ᠎ᠪᠠᠷ ᠳᠠᠮᠵᠢᠭᠤᠯᠤᠨ᠂ ᠲᠤᠬᠠᠶ ᠵᠢᠨ ᠬᠥᠮᠦᠨ᠎ᠤ ᠬᠣᠶᠠᠷ ᠲᠠᠯ᠎ᠠ ᠵᠢ ᠬᠠᠷᠢᠯᠴᠠᠨ ᠠᠭᠤᠴᠢᠯᠠᠭᠤᠯᠬᠤ ᠵᠣᠷᠢᠯᠭ᠎ᠠ᠎ᠳᠤ ᠬᠦᠷᠴᠦ ᠪᠣᠯᠤᠨ᠎ᠠ᠃
      2. ᠲᠠᠮ ᠵᠶ᠋ᠠᠷ ᠠᠵᠢᠯᠯᠠᠬᠤ ᠠᠷᠭ᠎ᠠ᠃ ᠪᠣᠳᠠᠲᠤ ᠠᠵᠢᠯ᠎ᠤᠨ ᠳᠤᠮᠳᠠ᠂ ᠵᠠᠷᠢᠮ ᠬᠡᠷᠡᠭ ᠪᠤᠶᠤ ᠵᠠᠭᠤᠷᠠᠯᠳᠤᠭ᠋ᠠᠨ᠎ᠳᠤ ᠣᠯᠠᠩᠬᠢ᠎ᠳᠤ᠎ᠪᠠᠨ ᠪᠤᠰᠤᠳ ᠬᠠᠷᠢᠴᠠᠭ᠎ᠠ ᠬᠣᠯᠪᠣᠭ᠎ᠠ᠎ᠲᠠᠢ ᠪᠠᠶ᠋ᠢᠳᠠᠭ᠂ ᠡᠶ᠋ᠢᠮᠦ᠎ᠠᠴᠠ ᠠᠷᠠᠳ᠎ᠤᠨ ᠴᠠᠭᠳᠠᠭ᠎ᠠ ᠡᠷᠬᠡ ᠲᠡᠭᠰᠢ ᠲᠥᠪ ᠭᠣᠣᠯᠴᠢ ᠪᠠᠶ᠋ᠢᠬᠤ ᠵᠠᠷᠴᠢᠮ᠎ᠤᠨ ᠳᠣᠣᠷ᠎ᠠ᠂ ᠭᠠᠳᠠᠭ᠋ᠠᠳᠤ ᠬᠦᠴᠦᠨ᠎ᠤ ᠦᠢ᠍ᠯᠡᠳᠦᠯ᠎ᠢ ᠴᠢᠳᠠᠮᠠᠭ᠋ᠠᠶ᠎ᠪᠠᠷ ᠠᠰᠢᠭᠯᠠᠨ᠂ ᠬᠠᠨᠳᠤᠰᠢ᠎ᠳᠤ᠎ᠨᠢ ᠲᠣᠬᠢᠷᠠᠭᠤᠯᠤᠨ ᠬᠥᠲᠥᠯᠥᠨ ᠵᠢᠯᠣᠭᠣᠳᠴᠤ᠂ ᠶᠣᠰᠣ ᠤᠴᠢᠷ᠎ᠢ ᠮᠡᠳᠡᠬᠦ ᠶᠠᠷᠢᠭᠴᠢ᠎ᠳᠤ ᠵᠠᠭᠤᠷᠠᠯᠳᠤᠭ᠋ᠠᠨ᠎ᠤ ᠪᠣᠳᠠᠲᠤ ᠬᠡᠷᠡᠭ ᠪᠠ ᠰᠢᠢ᠍ᠳᠪᠦᠷᠢᠯᠡᠬᠦ ᠦᠨᠳᠦᠰᠦ ᠪᠠᠷᠢᠮᠲᠠ ᠵᠢ ᠲᠣᠳᠣᠷᠬᠠᠶ ᠶᠠᠷᠢᠵᠤ᠂ ᠲᠡᠳᠡᠨ᠎ᠤ ᠡᠶᠡᠳᠡᠭᠦᠯᠭᠡ᠎ᠪᠠᠷ ᠳᠠᠮᠵᠢᠭᠤᠯᠤᠨ ᠲᠤᠬᠠᠢ ᠵᠢᠨ ᠬᠥᠮᠥᠨ᠎ᠤ ᠬᠣᠶᠠᠷ ᠲᠠᠯ᠎ᠠ᠎ᠳᠤ ᠦᠵᠡᠯ ᠰᠠᠨᠠᠭ᠋ᠠᠨ᠎ᠤ ᠠᠵᠢᠯ᠎ᠢ ᠬᠢᠵᠦ ᠵᠣᠷᠢᠯᠭ᠎ᠠ᠎ᠳᠤ᠎ᠪᠠᠨ ᠬᠦᠷᠴᠦ ᠪᠣᠯᠣᠨ᠎ᠠ᠃ ᠡᠶᠡᠳᠡᠭᠦᠯᠬᠦ ᠶᠠᠪᠤᠴᠠ᠎ᠳᠤ ᠪᠠᠰᠠ ᠠᠷᠠᠳ᠎ᠤᠨ ᠴᠠᠭᠳᠠᠭ᠎ᠠ ᠵᠢᠨ ᠤᠳᠤᠷᠢᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠤᠬᠠᠶ ᠵᠢᠨ ᠬᠥᠮᠦᠨ᠎ᠤ ᠬᠣᠶᠠᠷ ᠲᠠᠯ᠎ᠠ ᠵᠢᠨ ᠵᠠᠷᠢᠮ ᠪᠤᠷᠤᠭᠤ ᠲᠠᠨᠢᠯᠲᠠ ᠵᠢᠴᠢ ᠡᠶᠡᠳᠡᠭᠦᠯᠭᠡ᠎ᠠᠴᠠ ᠭᠠᠳᠠᠨᠠᠬᠢ ᠠᠶᠤᠯ ᠲᠦᠭᠰᠢᠭᠦᠷᠢ᠂ ᠬᠠᠤᠯᠢ ᠴᠠᠭ᠋ᠠᠵᠠ ᠵᠢᠨ ᠦᠷ᠎ᠡ ᠳ᠋ᠦᠩ᠎ᠢ ᠮᠡᠳᠡᠭᠳᠡᠵᠦ᠂ ᠲᠤᠬᠠᠶ ᠵᠢᠨ ᠬᠥᠮᠦᠨ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠶᠡᠳᠡᠭᠦᠯᠦᠭᠡᠳ ᠪᠦᠲᠦᠭᠰᠡᠨ ᠦᠭᠡᠢ ᠪᠠᠶ᠋ᠢᠪᠠᠯ᠂ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠰᠢᠭᠦᠬᠦ ᠬᠣᠷᠢᠶ᠎ᠠ᠎ᠪᠠᠷ ᠰᠢᠭᠦᠨ ᠲᠠᠰᠤᠯᠤᠭᠤᠯᠬᠤ ᠵᠢᠨ ᠠᠰᠢᠭ ᠬᠣᠣᠷ᠎ᠢ᠎ᠨᠢ ᠪᠣᠳᠣᠯᠬᠢᠯᠠᠭᠤᠯᠵᠤ᠂ ᠰᠠᠢ᠍ᠢ᠍ᠨ ᠳᠤᠷ᠎ᠠ᠎ᠠᠴᠠ᠎ᠪᠠᠨ 《ᠨᠠᠶ᠋ᠢᠷᠠᠮᠳᠠᠯ᠎ᠤᠨ ᠠᠷᠭ᠎ᠠ》᠎ᠪᠠᠷ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠬᠡᠷᠡᠭᠲᠡᠶ ᠭᠡᠳᠡᠭ᠎ᠢ ᠮᠡᠳᠡᠭᠦᠯᠬᠦ ᠬᠡᠷᠡᠭᠲᠡᠶ᠃
      ᠳᠣᠲᠣᠭ᠋ᠠᠳᠤ ᠵᠢ ᠬᠠᠮᠠᠭ᠋ᠠᠯᠠᠬᠤ ᠴᠠᠭᠳᠠᠭ᠋ᠠᠨ᠎ᠤ ᠬᠦᠴᠦᠨ ᠬᠢᠵᠠᠭ᠋ᠠᠷ᠎ᠲᠠᠢ᠂ ᠡᠶᠡᠳᠡᠭᠦᠯᠬᠦ ᠠᠷᠭ᠎ᠠ ᠪᠠᠷᠢᠯ᠎ᠨᠢ ᠪᠦᠬᠦᠨ᠎ᠢ ᠰᠢᠢ᠍ᠳᠪᠦᠷᠢᠯᠡᠵᠦ ᠴᠢᠳᠠᠬᠤ ᠦᠭᠡᠢ᠂  ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ᠎ᠢ ᠭᠦᠢ᠍ᠴᠡᠳ ᠰᠠᠢ᠍ᠢ᠍ᠨ ᠬᠡᠷᠡᠭᠯᠡᠵᠦ᠂ ᠵᠠᠷᠢᠮ ᠪᠣᠳᠠᠲᠤ ᠬᠡᠷᠡᠭ᠎ᠨᠢ ᠲᠣᠳᠣᠷᠬᠠᠶ᠂ ᠭᠡᠷᠡᠴᠢ ᠪᠠᠷᠢᠮᠲᠠ᠎ᠨᠢ ᠪᠦᠷᠢᠨ ᠭᠦᠢ᠍ᠴᠡᠳ ᠠᠮᠤᠷ᠎ᠢ ᠬᠠᠮᠠᠭ᠋ᠠᠯᠠᠬᠤ ᠬᠡᠷᠡᠭ᠎ᠲᠤ ᠬᠠᠤᠯᠢ ᠶᠣᠰᠣᠭ᠋ᠠᠷ ᠲᠣᠭᠲᠠᠭ᠋ᠠᠯᠲᠠ ᠭᠠᠷᠭ᠋ᠠᠬᠤ ᠬᠡᠷᠡᠭᠲᠡᠢ᠃ ᠵᠥᠪᠬᠡᠨ ᠡᠶᠡᠳᠡᠭᠦᠯᠬᠦ ᠠᠷᠭ᠎ᠠ ᠪᠠ ᠬᠠᠤᠯᠢ ᠴᠠᠭ᠋ᠠᠵᠠ ᠵᠢ ᠴᠢᠩᠭ᠎ᠠ ᠬᠡᠷᠡᠭᠵᠢᠭᠦᠯᠬᠦ ᠵᠢ ᠤᠶᠠᠯᠳᠤᠭᠤᠯᠪᠠᠯ ᠰᠠᠶᠢ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠪᠦᠲᠦᠮᠵᠢᠲᠡᠢ ᠠᠷᠭ᠎ᠠ ᠠᠪᠴᠠᠯ ᠪᠣᠯᠣᠨ᠎ᠠ᠃

 

ᠵᠣᠬᠢᠶᠠᠭᠴᠢ᠄ ᠥᠪᠥᠷ ᠮᠣᠩᠭᠣᠯ᠎ᠤᠨ ᠴᠠᠭᠳᠠᠭ᠋ᠠᠨ ᠠᠵᠢᠯ ᠮᠡᠷᠭᠡᠵᠢᠯ᠎ᠤᠨ ᠳᠡᠭᠡᠳᠦ  ᠰᠤᠷᠭ᠋ᠠᠭᠤᠯᠢ᠎ᠤᠨ ᠠᠶᠤᠩᠭ᠎ᠠ

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ