ᠣᠶ᠋ᠢᠷ᠎ᠠ᠎ᠳᠤ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠮᠤᠳᠤᠳᠤ ᠲᠣᠮᠢᠯᠠᠭᠰᠠᠨ ᠰᠠᠯᠪᠤᠷᠢ ᠨᠢᠭᠡᠨ ᠬᠡᠷᠡᠭ᠎ᠤᠨ ᠮᠡᠳᠡᠭᠦᠯᠦᠯᠲᠡ ᠵᠢ ᠲᠤᠰᠬᠤ᠎ᠳᠤ᠂ ᠲᠠᠷᠢᠶᠠᠨ ᠭᠠᠵᠠᠷ᠎ᠲᠤᠨᠢ ᠨᠢᠭᠡᠨ ᠲᠣᠭᠣᠷᠤᠤ ᠰᠢᠭ᠋ ᠬᠡᠭᠡᠷ᠎ᠡ ᠵᠢᠨ ᠠᠮᠢᠲᠠᠨ ᠬᠥᠳᠡᠯᠵᠦ ᠳᠡᠶ᠋ᠢᠯᠬᠦ ᠥᠬᠡᠶ ᠪᠣᠯᠤᠭᠰᠠᠨ᠎ᠳᠤ᠂ ᠬᠠᠪᠰᠤᠷᠤᠯᠭ᠎ᠠ ᠦᠵᠡᠭᠦᠯᠬᠦ ᠵᠢ ᠬᠦᠰᠡᠭᠰᠡᠨ ᠤᠳᠠᠰᠤ ᠪᠠᠢ᠌ᠪᠠ᠃ ᠬᠡᠷᠡᠭ᠎ᠤᠨ ᠮᠡᠳᠡᠭᠦᠯᠦᠯᠲᠡ ᠵᠢ ᠵᠢ ᠣᠯᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠳᠠᠷᠤᠶ ᠲᠦᠷᠭᠡᠨ ᠲᠤᠬᠠᠶ ᠵᠢᠨ ᠲᠠᠯᠠᠪᠤᠷ᠎ᠲᠤ ᠬᠦᠷᠴᠦ᠂ ᠡᠨᠡ ᠬᠦ᠌ ᠬᠡᠭᠡᠷ᠎ᠡ ᠵᠢᠨ ᠠᠮᠢᠲᠠᠨ ᠪᠣᠯ ᠮᠠᠨ᠎ᠤ ᠤᠯᠤᠰ᠎ᠤᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠣᠯᠬᠤ ᠳᠣᠷᠣᠨᠠᠳᠠᠬᠢᠨ᠎ᠤ ᠴᠠᠭ᠋ᠠᠨ ᠥᠷᠪᠢᠯᠳᠡᠶ ᠮᠥᠨ ᠭᠡᠳᠡᠭ᠎ᠢ ᠨᠤᠲᠠᠯᠠᠪᠠ᠃
ᠪᠠᠶ᠋ᠢᠴᠠᠭ᠋ᠠᠭᠰᠠᠨ ᠵᠶ᠋ᠠᠷ᠂ ᠡᠨᠡ ᠴᠠᠭ᠋ᠠᠨ ᠥᠷᠪᠢᠯᠳᠡᠶ ᠬᠡᠳᠦᠶ᠋ᠢᠪᠡᠷ ᠭᠠᠳᠠᠷ ᠰᠢᠷᠬ᠎ᠠ ᠦᠭᠡᠶ ᠪᠣᠯᠪᠠᠴᠤ ᠤᠨᠵᠢᠢ᠍ᠵᠤ ᠯᠠᠪᠲᠠᠢ᠌ᠭ᠋ᠠᠳ ᠲᠠᠮᠢᠷ ᠲᠡᠩᠭᠡᠭᠡ ᠮᠠᠭᠤᠳᠠᠭᠰᠠᠨ ᠲᠤᠯᠠ᠂ ᠠᠷᠠᠳ᠎ᠤᠨ ᠴᠠᠭᠳᠠᠭ᠎ᠠ ᠲᠡᠷᠡ ᠳᠠᠷᠤᠶᠳᠤᠨᠢ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠥᠷᠲᠡᠭᠡ᠎ᠲᠠᠢ ᠬᠠᠷᠢᠯᠴᠠᠵᠤ ᠤᠯᠠᠮ ᠨᠢᠭᠡ ᠠᠯᠬᠤᠮ᠎ᠤᠨ ᠠᠪᠤᠷᠠᠨ ᠲᠤᠰᠠᠯᠠᠯᠲᠠ ᠬᠢᠪᠡ᠃