ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠠᠷᠠᠳ᠎ᠤᠨ ᠴᠠᠭᠳᠠᠭ᠎ᠠ ᠵᠥᠷᠢᠴᠡᠯ᠎ᠢ ᠡᠪᠳᠡᠢ ᠰᠢᠢ᠍ᠳᠪᠥᠷᠢᠯᠡᠪᠡ
ᠨᠡᠶ᠋ᠢᠲᠡᠯᠡᠭᠰᠡᠨ ᠴᠠᠭ᠄ 2023-09-04

       ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠢᠮᠠᠭᠲᠠ ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠰᠠᠨᠠᠯ ᠰᠠᠨᠠᠭᠤᠯᠭ᠎ᠠ ᠵᠢ ᠬᠤᠷᠢᠶᠠᠵᠤ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠥᠷᠭᠡᠨ ᠵᠶ᠋ᠠᠷ ᠰᠣᠨᠣᠰᠴᠤ᠂ ᠤᠯᠠᠨ ᠲᠦᠮᠡᠨ᠎ᠳᠤ ᠪᠣᠳᠠᠲᠠᠢ ᠶᠠᠪᠤᠳᠠᠯ᠂ ᠰᠠᠢ᠍ᠢ᠍ᠨ ᠶᠠᠪᠤᠳᠠᠯ ᠬᠢᠵᠦ᠂ ᠬᠦᠴᠢᠷ ᠶᠠᠪᠤᠳᠠᠯ᠎ᠢ ᠰᠢᠢ᠍ᠳᠪᠦᠷᠢᠯᠡᠵᠦ ᠥᠭᠬᠦ᠎ᠪᠠᠷ ᠴᠢᠷᠮᠠᠶ᠋ᠢᠪᠠ᠃ ᠡᠯ᠎ᠡ ᠴᠠᠭᠳᠠᠭ᠋ᠠᠨ᠎ᠤ ᠲᠦᠷᠦᠯ᠂ ᠡᠯ᠎ᠡ ᠰᠠᠯᠠᠭ᠎ᠠ ᠮᠥᠴᠢᠷ᠎ᠤᠨ᠎ᠬᠢᠨ ᠲᠣᠪᠴᠢᠶᠠᠨ᠎ᠤ ᠨᠠᠮ᠎ᠤᠨ ᠬᠣᠷᠢᠶᠠᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ ᠵᠢ ᠪᠠᠲᠤ ᠪᠤᠢ ᠪᠣᠯᠭ᠋ᠠᠵᠤ᠂ ᠠᠷᠠᠳ ᠲᠦᠮᠡᠨ᠎ᠤ ᠬᠦᠴᠢᠷ ᠵᠣᠪᠠᠭᠤᠷᠢ ᠵᠢ ᠢᠳᠡᠪᠬᠢᠲᠡᠢ ᠰᠢᠢ᠍ᠳᠪᠦᠷᠢᠯᠡᠵᠦ ᠥᠭᠪᠡ᠃ ᠣᠶ᠋ᠢᠷ᠎ᠠ᠎ᠳᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠤᠯᠠᠭ᠋ᠠᠨᠳᠤᠬᠤᠢ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠨᠠᠷ ᠦᠨᠡᠨ ᠰᠡᠳᠬᠢᠯ᠎ᠠᠴᠠ᠎ᠪᠠᠨ

《ᠦᠭᠡ ᠶᠠᠷᠢᠶ᠎ᠠ᠎ᠪᠠᠷ ᠡᠮᠨᠡᠨ ᠵᠠᠰᠠᠬᠤ》 ᠠᠷᠭ᠎ᠠ᠎ᠪᠠᠷ ᠨᠢᠭᠡ ᠵᠥᠷᠢᠴᠡᠯ ᠵᠠᠭᠤᠷᠠᠯᠳᠤᠭ᠋ᠠᠨ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠵᠦ᠂ ᠣᠯᠠᠨ ᠲᠦᠮᠡᠨ᠎ᠤ ᠮᠠᠭᠲᠠᠭ᠋ᠠᠯ ᠰᠠᠶ᠋ᠢᠰᠢᠶᠠᠯ᠎ᠢ ᠣᠯᠤᠭᠰᠠᠨ ᠪᠠᠶ᠋ᠢᠨ᠎ᠠ᠃

微信图片_202308271520563.jpg  


     ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠤᠯᠠᠭ᠋ᠠᠨᠳᠤᠬᠤᠢ ᠲᠣᠮᠢᠯᠠᠭᠰᠠᠨ ᠰᠠᠯᠪᠤᠷᠢ ᠵᠢᠨ ᠬᠠᠷᠢᠶ᠎ᠠ ᠣᠷᠣᠨ᠎ᠤ ᠬᠤᠯᠪᠤᠭ᠎ᠠ ᠭᠠᠴᠠᠭ᠋ᠠᠨ᠎ᠤ ᠮᠠᠯᠴᠢᠨ ᠬᠠᠶ ᠣᠪᠣᠭᠲᠤ ᠪᠣᠯᠤᠨ ᠪᠦ᠋ ᠣᠪᠣᠭᠲᠤ ᠵᠥᠷᠢᠴᠡᠯ ᠵᠠᠭᠤᠷᠠᠯᠳᠤᠭ᠋ᠠᠨ ᠡᠭᠥᠰᠴᠦ᠂ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠵᠢ ᠬᠦᠷᠴᠦ ᠰᠢᠢ᠍ᠳᠪᠦᠷᠢᠯᠡᠵᠦ ᠥᠭᠬᠦ ᠵᠢ ᠭᠤᠶᠤᠴᠢᠯᠠᠵᠠᠢ᠃ ᠵᠢᠵᠢᠭᠦᠷ᠎ᠤᠨ ᠴᠠᠭᠳᠠᠭ᠎ᠠ ᠲᠤᠬᠠᠶ ᠵᠢᠨ ᠲᠠᠯᠠᠪᠤᠷ᠎ᠲᠤ ᠬᠦᠷᠴᠦ ᠪᠠᠶ᠋ᠢᠴᠠᠭ᠋ᠠᠯᠲᠠ ᠬᠢᠭᠰᠡᠨ᠎ᠤ ᠳᠠᠷᠠᠭ᠎ᠠ᠂ ᠮᠠᠯᠴᠢᠨ ᠬᠠᠶ ᠣᠪᠣᠭᠲᠤ᠂ ᠪᠦ᠋ ᠣᠪᠣᠭᠲᠤ ᠠᠷᠢᠬᠢ ᠤᠤᠭᠤᠭᠰᠠᠨ᠎ᠤ ᠳᠠᠷᠠᠭ᠎ᠠ ᠨᠠᠭ᠋ᠠᠰᠢ ᠴᠠᠭ᠋ᠠᠰᠢ ᠥᠩᠭᠡᠷᠡᠬᠦ ᠠᠮᠢᠳᠤᠷᠠᠯ᠎ᠤᠨ ᠠᠷᠰᠠᠷ ᠶᠠᠪᠤᠳᠠᠯ᠎ᠤᠨ ᠤᠴᠢᠷ ᠵᠶ᠋ᠠᠷ ᠬᠡᠷᠡᠭᠦᠯ ᠴᠤᠤᠭᠢᠶᠠᠨ ᠭᠠᠷᠤᠭᠰᠠᠨ᠎ᠢ ᠣᠯᠵᠤ ᠮᠡᠳᠡᠵᠡᠶ᠂ ᠠᠷᠠᠳ᠎ᠤᠨ ᠴᠠᠭᠳᠠᠭ᠎ᠠ ᠬᠣᠶᠠᠷ ᠲᠠᠯ᠎ᠠ ᠵᠢᠨ ᠲᠤᠬᠠᠶ ᠵᠢᠨ ᠬᠥᠮᠦᠨ᠎ᠢ ᠲᠣᠮᠢᠯᠠᠭᠰᠠᠨ ᠰᠠᠯᠪᠤᠷᠢ᠎ᠳᠤ ᠠᠮᠠ᠎ᠪᠠᠷ ᠳᠠᠭᠤᠳᠠᠵᠤ ᠰᠢᠢ᠍ᠳᠪᠦᠷᠢᠯᠡᠭᠦᠯᠬᠦ᠎ᠪᠠᠷ ᠪᠣᠯᠪᠠ᠃ ᠠᠷᠠᠳ᠎ᠤᠨ ᠴᠠᠭᠳᠠᠭ᠎ᠠ ᠵᠢᠨ ᠶᠣᠰᠣ ᠤᠴᠢᠷ᠎ᠢ ᠲᠠᠢ᠌ᠯᠪᠤᠷᠢᠯᠡᠵᠦ᠂ ᠰᠡᠳᠬᠢᠯᠭᠡ ᠵᠢ᠎ᠨᠢ ᠬᠥᠳᠡᠯᠭᠡᠭᠰᠡᠨ ᠢᠳᠬᠠᠯ ᠳᠣᠣᠷ᠎ᠠ᠂ ᠬᠣᠶᠠᠷ ᠲᠤᠬᠠᠶ ᠵᠢᠨ ᠬᠥᠮᠦᠨ ᠥᠪᠡᠷ᠎ᠤᠨ ᠪᠤᠷᠤᠭᠤ᠎ᠪᠠᠨ ᠲᠠᠨᠢᠵᠤ᠂ ᠣᠳᠣ ᠨᠢᠭᠡᠨᠲᠡ ᠬᠠᠷᠢᠯᠴᠠᠨ ᠪᠤᠷᠤᠭᠤ ᠬᠦᠯᠢᠶᠡᠭᠰᠡᠨ ᠪᠥᠭᠡᠳ ᠨᠥᠭᠥᠭᠡ ᠡᠲᠡᠭᠡᠳ ᠵᠶ᠋ᠠᠨ ᠠᠭᠤᠴᠢᠯᠠᠪᠠ᠃

微信图片_202308271520564.jpg  


     ᠳᠠᠷᠠᠭ᠋ᠠᠴᠢ ᠵᠢᠨ ᠠᠯᠬᠤᠮ᠎ᠳᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ 《ᠤᠯᠠᠨ ᠲᠦᠮᠡᠨ ᠬᠠᠨᠤᠮᠵᠢᠲᠠᠢ ᠪᠠᠶ᠋ᠢᠬᠤ》᠎ᠪᠠᠷ ᠬᠠᠷᠠᠯᠲᠠ ᠪᠣᠯᠭ᠋ᠠᠵᠤ᠂ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠴᠢᠷᠮᠠᠶ᠋ᠢᠨ ᠦᠢ᠍ᠯᠡᠳᠦᠯᠭᠡᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ 《ᠪᠠᠭ᠎ᠠ ᠶᠠᠪᠤᠳᠠᠯ᠎ᠢ ᠲᠣᠰᠬᠣᠨ᠎ᠠᠴᠠ ᠭᠠᠷᠭ᠋ᠠᠬᠤ ᠦᠭᠡᠢ᠂ ᠶᠡᠬᠡ ᠶᠠᠪᠤᠳᠠᠯ᠎ᠢ ᠪᠠᠯᠭ᠋ᠠᠰᠤ᠎ᠠᠴᠠ ᠭᠠᠷᠭ᠋ᠠᠬᠤ ᠦᠭᠡᠢ᠂ ᠵᠥᠷᠢᠴᠡᠯ᠎ᠢ ᠳᠡᠭᠡᠭᠰᠢ ᠲᠤᠰᠢᠶᠠᠬᠤ ᠦᠭᠡᠢ》 ᠠᠵᠢᠯ᠎ᠤᠨ ᠲᠤᠭᠳᠠᠴᠠ ᠵᠢ ᠪᠦᠷᠢᠯᠳᠦᠭᠦᠯᠵᠦ᠂ ᠬᠠᠷᠢᠶ᠎ᠠ ᠣᠷᠣᠨ᠎ᠤ ᠡᠶ᠎ᠡ ᠵᠣᠬᠢᠴᠠᠩᠭᠤᠢ ᠲᠣᠭᠲᠠᠭᠤᠨ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ (ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠬᠡᠰᠢᠭ ᠮᠡᠳᠡᠭᠡᠯᠡᠪᠡ)

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ