ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠬᠢᠶ᠎ᠠ ᠪᠠᠭᠰᠢ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠰᠤᠷᠭ᠋ᠠᠭᠤᠯᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠥᠷᠨᠢᠭᠦᠯᠪᠡ
ᠨᠡᠶ᠋ᠢᠲᠡᠯᠡᠭᠰᠡᠨ ᠴᠠᠭ᠄ 2024-10-26

      ᠣᠶ᠋ᠢᠷ᠎ᠠ᠎ᠳᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠣᠷᠢᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠣᠷᠳᠣᠰ ᠬᠣᠲᠠ ᠵᠢᠨ ᠬᠢᠶ᠎ᠠ ᠪᠠᠭᠰᠢ  ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶᠠᠨ᠎ᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠪᠠᠨ ᠵᠣᠬᠢᠶᠠᠨ ᠪᠠᠶ᠋ᠢᠭᠤᠯᠵᠤ ᠰᠤᠷᠭ᠋ᠠᠭᠤᠯᠢ᠎ᠳᠤ ᠣᠴᠢᠬᠤ ᠪᠠ ᠰᠤᠷᠭ᠋ᠠᠭᠤᠯᠢ ᠲᠠᠷᠬᠠᠬᠤ ᠣᠷᠭᠢᠯ᠎ᠤᠨ ᠦᠶ᠎ᠡ᠎ᠳᠤ ᠲᠣᠭᠲᠠᠭᠰᠠᠨ ᠴᠡᠭ ᠵᠶ᠋ᠠᠷ ᠵᠢᠵᠢᠭᠦᠷᠯᠡᠨ ᠰᠠᠬᠢᠵᠤ᠂ ᠰᠤᠷᠭ᠋ᠠᠭᠤᠯᠢ ᠵᠢᠨ ᠡᠭᠦᠳᠡᠨ᠎ᠤ ᠵᠠᠮ ᠬᠠᠷᠢᠯᠴᠠᠭ᠋ᠠᠨ᠎ᠤ ᠡᠮᠬᠢ ᠵᠢᠷᠤᠮ᠎ᠢ ᠬᠠᠮᠠᠭ᠋ᠠᠯᠠᠵᠤ᠂ ᠰᠤᠷᠭ᠋ᠠᠭᠤᠯᠢ ᠵᠢᠨ ᠬᠦᠷᠢᠶ᠎ᠡ ᠵᠢᠴᠢ ᠡᠷᠬᠢᠨ ᠲᠣᠭᠣᠷᠢᠨ᠎ᠤ ᠠᠮᠤᠷ᠎ᠢ ᠬᠠᠮᠠᠭ᠋ᠠᠯᠠᠬᠤ ᠴᠠᠭᠳᠠᠨ ᠰᠡᠷᠭᠡᠶ᠋ᠢᠯᠡᠬᠦ ᠠᠵᠢᠯ᠎ᠢ ᠴᠢᠩᠭ᠋ᠠᠳᠬᠠᠪᠠ᠃ ᠡᠭᠦᠨ᠎ᠤ ᠬᠠᠮᠲᠤ ᠰᠤᠷᠭ᠋ᠠᠭᠤᠯᠢ᠎ᠳᠤ ᠭᠦᠨᠵᠡᠭᠡᠶ᠋ᠢᠷᠡᠨ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠵᠦ᠂ ᠰᠤᠷᠭ᠋ᠠᠭᠤᠯᠢ ᠵᠢᠨ ᠭᠠᠯ ᠤᠨᠲᠠᠷᠠᠭ᠋ᠠᠬᠤ ᠪᠠ ᠠᠮᠤᠷ᠎ᠢ ᠬᠠᠮᠠᠭ᠋ᠠᠯᠠᠬᠤ ᠠᠶᠤᠯ ᠦᠭᠡᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ᠂ ᠠᠰᠠᠭᠤᠳᠠᠯ᠎ᠢ ᠢᠯᠡᠷᠡᠭᠦᠯᠪᠡᠯ ᠳᠠᠷᠤᠶ ᠲᠦᠷᠭᠡᠨ ᠵᠢᠯᠣᠭᠣᠳᠤᠨ ᠴᠡᠭᠴᠡᠯᠡᠨ ᠰᠠᠶ᠋ᠢᠵᠢᠷᠠᠭᠤᠯᠵᠤ᠂ ᠪᠣᠯᠪᠠᠰᠤᠨ ᠡᠮᠬᠢ ᠵᠢᠷᠤᠮ᠎ᠲᠠᠢ᠂ ᠠᠮᠤᠷ ᠲᠦᠪᠰᠢᠨ ᠡᠶ᠎ᠡ ᠵᠣᠬᠢᠴᠠᠩᠭᠤᠶ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ᠎ᠢ ᠪᠣᠶ ᠪᠣᠯᠭ᠋ᠠᠪᠠ᠃

康巴什.jpg

ᠢᠷᠡᠯᠲᠡ᠄ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ