ᠲᠡᠷᠢᠭᠦᠨ ᠬᠠᠭᠤᠳᠠᠰᠤ   -   ᠰᠢ᠌ᠳᠪᠦᠷᠢᠯᠡᠯᠲᠡ
ᠪᠠᠷᠠᠭᠤᠨ ᠦᠵᠦᠮᠦᠴᠢᠨ ᠬᠤᠰᠢᠭᠤᠨ᠎ᠤ ᠳᠣᠲᠤᠭ᠋ᠠᠲᠤ ᠵᠢ ᠬᠠᠮᠠᠭ᠋ᠠᠯᠠᠬᠤ ᠲᠣᠪᠴᠢᠶ᠎ᠠ ᠪᠠᠷᠠᠭ᠋ᠠᠨ ᠲᠡᠷᠭᠡ ᠵᠢᠨ ᠳᠠᠭ᠋ᠠᠭ᠋ᠠᠴᠠ᠎ᠠᠴᠠ ᠬᠡᠳᠦᠷᠡᠳᠡᠯ᠎ᠡ ᠠᠴᠢᠶᠠᠯᠠᠬᠤ ᠬᠠᠤᠯᠢ᠎ᠠᠴᠠ ᠵᠦᠷᠢᠴᠡᠭᠰᠡᠨ ᠪᠠᠶ᠋ᠢᠳᠠᠯ᠎ᠢ ᠴᠢᠩᠭ᠎ᠠ ᠵᠠᠰᠠᠨ ᠴᠡᠭᠴᠡᠯᠡᠵᠦ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠬᠠᠮᠠᠭ᠋ᠠᠯᠠᠪᠠ
ᠨᠡᠶ᠋ᠢᠲᠡᠯᠡᠭᠰᠡᠨ ᠴᠠᠭ᠄ 2025-07-21

      ᠪᠠᠷᠠᠭ᠋ᠠᠨ ᠲᠡᠷᠭᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ᠂ ᠵᠠᠮ ᠬᠠᠷᠢᠯᠴᠠᠭ᠋ᠠᠨ᠎ᠤ ᠠᠳᠡᠯ᠎ᠤᠨ ᠳᠠᠯᠳᠠ ᠭᠡᠮ᠎ᠢ ᠪᠦᠲᠦᠮᠵᠢᠲᠡᠶ ᠠᠷᠢᠯᠭ᠋ᠠᠬᠤ ᠵᠢᠨ ᠲᠤᠰᠠᠳᠠ᠂ ᠣᠶ᠋ᠢᠷ᠎ᠠ ᠵᠢᠨ ᠡᠳᠦᠷ᠎ᠤᠳ᠎ᠲᠤ᠂ ᠰᠢᠯᠢ᠎ᠶᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠠᠮ ᠬᠠᠷᠢᠯᠴᠠᠭ᠎ᠠ ᠵᠢ ᠲᠣᠭᠤᠷᠢᠨ ᠪᠠᠶ᠋ᠢᠴᠠᠭ᠋ᠠᠵᠤ ᠬᠠᠮᠢᠶᠠᠷᠤᠨ ᠡᠵᠡᠮᠳᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠴᠠᠭ ᠵᠥᠷᠢᠭᠦᠯᠦᠨ ᠬᠠᠮᠲᠤᠷᠠᠨ ᠠᠵᠢᠯᠯᠠᠵᠤ᠂ ᠴᠢᠩᠭ᠎ᠠ ᠴᠣᠬᠢᠯᠲᠠ ᠥᠭᠴᠦ᠂ ᠬᠦᠨᠳᠦ ᠬᠡᠯᠪᠡᠷᠢ ᠵᠢᠨ ᠪᠠᠷᠠᠭ᠋ᠠᠨ᠎ᠤ ᠲᠡᠷᠭᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠬᠠᠪᠤᠷ᠎ᠤᠨ ᠤᠯᠠᠷᠢᠯ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠠᠶ᠋ᠢᠳᠠᠯ᠎ᠤᠨ ᠲᠣᠭᠲᠠᠭᠤᠨ ᠪᠠᠶ᠋ᠢᠬᠤ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠪᠠ᠃  

 

   

      ᠠᠵᠢᠯᠯᠠᠭ᠎ᠠ ᠵᠢᠨ ᠳᠤᠮᠳᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠨᠠᠷᠢᠨ ᠨᠢᠮᠪᠠᠶ ᠲᠥᠯᠥᠪᠯᠡᠨ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠵᠤ᠂ ᠪᠠᠷᠠᠭ᠋ᠠᠨ᠎ᠤ ᠲᠡᠷᠭᠡ ᠵᠢᠨ ᠡᠳᠦᠷ ᠰᠥᠨᠢ ᠦᠭᠡᠢ ᠭᠠᠷᠬᠤ ᠵᠢᠮ᠎ᠡ ᠶᠣᠰᠣᠨ᠎ᠤ ᠣᠨᠴᠠᠯᠢᠭ᠎ᠲᠤ ᠴᠢᠭᠯᠡᠭᠦᠯᠦᠨ᠂ 《ᠵᠠᠪᠠᠯ ᠥᠩᠭᠡᠷᠡᠬᠦ ᠵᠠᠮ᠎ᠤᠨ ᠬᠡᠰᠡᠭ᠎ᠲᠤ ᠲᠣᠭᠤᠷᠢᠨ ᠪᠠᠶ᠋ᠢᠴᠠᠭ᠋ᠠᠬᠤ᠂ ᠴᠢᠭ ᠲᠣᠭᠲᠠᠭ᠋ᠠᠨ ᠬᠤᠷᠢᠭ᠎ᠠ ᠲᠠᠯᠪᠢᠬᠤ ᠪᠠ ᠨᠡᠭᠦᠳᠡᠯ ᠲᠣᠭᠤᠷᠢᠨ ᠴᠠᠭᠳᠠᠬᠤ》 ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠲᠣᠮᠣ ᠪᠠᠷᠠᠭ᠋ᠠᠨ᠎ᠤ ᠲᠡᠷᠭᠡ ᠵᠢᠨ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ᠂ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠪᠡ᠃ 4 ᠰᠠᠷ᠎ᠠ᠎ᠠᠴᠠ ᠨᠠᠭ᠋ᠠᠰᠢ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠡᠶ᠋ᠢᠲᠡ 35 ᠤᠳᠠᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠨ᠎ᠳᠤ 50%᠎ᠠᠴᠠ ᠳᠡᠭᠡᠭᠰᠢ 2 ᠤᠳᠠᠭ᠎ᠠ᠂ 30%᠎ᠠᠴᠠ ᠳᠡᠭᠡᠭᠰᠢ 50% ᠎ᠳᠤ ᠬᠦᠷᠦᠭᠰᠡᠨ ᠦᠭᠡᠢ 10 ᠤᠳᠠᠭ᠎ᠠ᠂ 30%᠎ᠠᠴᠠ ᠳᠣᠷᠣᠭᠰᠢ 23 ᠤᠳᠠᠭ᠎ᠠ᠂ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠵᠢ 600 ᠭᠠᠷᠤᠶ ᠲᠣᠨ ᠪᠠᠭᠤᠯᠭ᠋ᠠᠪᠠ᠃      

      ᠪᠠᠶ᠋ᠢᠴᠠᠭ᠋ᠠᠬᠤ ᠵᠢᠨ ᠬᠠᠮᠲᠤ᠂ ᠠᠷᠠᠳ᠎ᠤᠨ ᠴᠠᠭᠳᠠᠭ᠎ᠠ ᠪᠣᠯᠤᠨ ᠪᠠᠷᠠᠭ᠋ᠠᠨ᠎ᠤ ᠲᠡᠷᠭᠡ ᠵᠢᠨ ᠵᠢᠯᠣᠭᠤᠴᠢ ᠎ᠳᠤ ᠬᠠᠤᠯᠢ ᠵᠢ ᠵᠥᠷᠢᠴᠡᠭᠰᠡᠨ ᠬᠦᠨᠳᠦ ᠨᠣᠴᠢᠲᠠᠢ ᠦᠷ᠎ᠡ ᠳ᠋ᠦᠩ᠎ᠢ ᠲᠠᠶ᠋ᠢᠯᠪᠤᠷᠢᠯᠠᠵᠤ᠂ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠤᠨ ᠮᠡᠳᠡᠯᠭᠡ ᠵᠢ ᠲᠦᠭᠡᠮᠡᠯᠵᠢᠭᠦᠯᠵᠦ᠂ ᠵᠢᠯᠣᠭᠤᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    

 

 

      ᠲᠠᠷᠠᠭ᠋ᠠᠴᠢ ᠵᠢᠨ ᠠᠯᠬᠤᠮ᠎ᠳᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ᠎ᠬᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ 《ᠠᠷᠬᠠᠭ ᠬᠡᠮ》᠎ᠢ ᠪᠥᠬᠦ ᠬᠦᠴᠦᠨ ᠵᠶ᠋ᠠᠷ ᠵᠶ᠋ᠠᠨ ᠵᠠᠰᠠᠵᠤ᠂ ᠥᠷᠭᠡᠨ ᠣᠯᠠᠨ ᠵᠢᠯᠣᠭᠤᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ᠂ ᠡᠶ᠎ᠡ ᠵᠣᠬᠢᠴᠠᠯ᠎ᠲᠠᠢ ᠡᠮᠬᠢ ᠵᠢᠷᠤᠮ᠎ᠲᠠᠢ ᠵᠠᠮ ᠬᠠᠷᠢᠯᠴᠠᠭ᠋ᠠᠨ᠎ᠤ ᠣᠷᠴᠢᠨ ᠲᠣᠭᠤᠷᠢᠨ ᠪᠠ ᠬᠠᠤᠯᠢ ᠵᠢ ᠰᠠᠬᠢᠵᠤ᠂ ᠠᠮᠤᠷ ᠲᠦᠪᠰᠢᠨ ᠪᠣᠯᠪᠠᠰᠤᠨ ᠵᠶ᠋ᠠᠷ ᠵᠢᠯᠣᠭᠤᠳᠬᠤ ᠠᠭᠤᠷ ᠠᠮᠢᠰᠬᠤᠯ᠎ᠢ ᠢᠳᠡᠪᠬᠢᠲᠡᠶ ᠪᠣᠶ ᠪᠣᠯᠭ᠋ᠠᠨ᠎ᠠ᠃ ᠡᠭᠦᠨ᠎ᠤ ᠬᠠᠮᠲᠤ᠂ ᠥᠷᠭᠡᠨ ᠣᠯᠠᠨ ᠰᠠᠭᠤᠭ᠋ᠠᠯᠢ ᠠᠷᠠᠳ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠵᠦ᠂ ᠠᠮᠤᠷ ᠲᠦᠪᠰᠢᠨ᠂ ᠰᠠᠭ᠋ᠠᠳ ᠥᠬᠡᠶ ᠨᠡᠪᠲᠡᠷᠡᠬᠦ ᠵᠠᠮ ᠬᠠᠷᠢᠯᠴᠠᠭ᠋ᠠᠨ᠎ᠤ ᠣᠷᠴᠢᠨ ᠨᠥᠬᠦᠴᠡᠯ᠎ᠢ ᠬᠠᠮᠲᠤ᠎ᠪᠠᠷ ᠪᠣᠶ ᠪᠣᠯᠭ᠋ᠠᠬᠤ ᠵᠢ ᠤᠷᠢᠶᠠᠯᠠᠪᠠ᠃

ᠢᠷᠡᠯᠲᠡ᠄ ᠰᠢᠯᠢ᠎ᠶᠢᠨ ᠭᠣᠣᠯ ᠠᠢ᠌ᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ