ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠡᠷᠭᠦᠨ᠎ᠡ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠤᠯᠪᠠ
ᠨᠡᠶ᠋ᠢᠲᠡᠯᠡᠭᠰᠡᠨ ᠴᠠᠭ᠄ 2023-12-14

    ᠤᠯᠤᠰ᠎ᠤᠨ ᠠᠷᠪᠠᠳᠤᠭ᠋ᠠᠷ ᠦᠨᠳᠦᠰᠦᠨ ᠬᠠᠤᠯᠢ ᠵᠢᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠂ ᠦᠨᠳᠦᠰᠦᠨ ᠬᠠᠤᠯᠢ ᠵᠢᠨ ᠡᠷᠬᠡ ᠰᠦᠷ᠎ᠢ ᠢᠯᠡᠷᠡᠭᠦᠯᠬᠦ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠦᠨᠳᠦᠰᠦᠨ ᠬᠠᠤᠯᠢ ᠵᠢᠨ ᠦᠵᠡᠯᠲᠡ ᠪᠣᠯᠤᠨ ᠬᠠᠤᠯᠢ᠎ᠪᠠᠷ ᠵᠠᠰᠠᠬᠤ ᠢᠲᠡᠭᠡᠯ ᠪᠢᠰᠢᠷᠡᠯ᠎ᠢ ᠴᠢᠩᠭ᠋ᠠᠳᠬᠠᠬᠤ ᠵᠢᠨ ᠲᠥᠯᠥᠭᠡ᠂ ᠬᠦᠯᠦᠨ ᠪᠤᠢ᠌ᠷ᠎ᠤᠨ ᠡᠷᠭᠦᠨ᠎ᠡ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ᠎ᠢ ᠵᠣᠬᠢᠶᠠᠨ ᠪᠠᠶ᠋ᠢᠭᠤᠯᠵᠤ ᠥᠷᠨᠢᠭᠦᠯᠪᠡ᠃

IMG_5072.JPG


    ᠶᠣᠰᠣᠯᠠᠯ᠎ᠨᠢ ᠤᠯᠤᠰ᠎ᠤᠨ ᠰᠦᠯᠳᠡ ᠳᠠᠭᠤᠤ ᠵᠢ ᠬᠥᠭᠵᠢᠮᠳᠡᠬᠦ ᠳᠤᠮᠳᠠ ᠡᠬᠢᠯᠡᠵᠦ᠂ ᠪᠦᠬᠦ ᠠᠷᠠᠳ᠎ᠤᠨ ᠴᠠᠭᠳᠠᠭ᠎ᠠ ᠵᠢᠨ ᠲᠥᠯᠥᠭᠡᠯᠡᠭᠴᠢᠳ ᠪᠠᠷᠠᠭᠤᠨ ᠨᠢᠳᠤᠷᠭ᠎ᠠ᠎ᠪᠠᠨ ᠡᠷᠭᠦᠨ᠂ ᠤᠯᠤᠰ᠎ᠤᠨ ᠲᠤᠭ ᠤᠷᠤᠭᠤ ᠲᠥᠪ ᠴᠢᠩᠭ᠎ᠠ᠎ᠪᠠᠷ ᠲᠠᠩᠭ᠋ᠠᠷᠢᠭᠯᠠᠵᠤ᠂ ᠦᠨᠳᠦᠰᠦᠨ ᠬᠠᠤᠯᠢ ᠵᠢ ᠰᠢᠲᠦᠬᠦ᠂ ᠬᠠᠤᠯᠢ᠎ᠪᠠᠷ ᠵᠠᠰᠠᠬᠤ ᠲᠤᠬᠠᠢ ᠢᠲᠡᠭᠡᠯ ᠪᠢᠰᠢᠷᠡᠯ ᠪᠣᠯᠤᠨ ᠠᠷᠠᠳ ᠲᠦᠮᠡᠨ᠎ᠳᠤ ᠠᠮᠠᠯᠳᠠᠭᠰᠠᠨ ᠠᠮᠠᠯᠠᠯᠲᠠ᠎ᠪᠠᠨ ᠡᠷᠡᠰ ᠪᠠᠲᠤ ᠲᠠᠩᠭ᠋ᠠᠷᠢᠭ ᠵᠶ᠋ᠠᠷ ᠵᠶ᠋ᠠᠨ ᠢᠯᠡᠳᠬᠡᠵᠦ᠂ ᠡᠭᠦᠷᠭᠡ ᠲᠤᠰᠢᠶᠠᠯ ᠵᠶ᠋ᠠᠨ ᠬᠢᠴᠢᠶᠡᠩᠭᠦᠶ᠋ᠢᠯᠡᠨ ᠭᠦᠢ᠍ᠴᠡᠳᠬᠡᠵᠦ᠂ ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠬᠦ ᠡᠷᠡᠰ ᠪᠠᠲᠤ ᠵᠣᠷᠢᠭ ᠵᠶ᠋ᠠᠨ ᠢᠯᠡᠳᠭᠡᠪᠡ᠃
    ᠲᠠᠩᠭ᠋ᠠᠷᠢᠭᠯᠠᠬᠤ ᠶᠣᠰᠣᠯᠠᠯ᠎ᠳᠤ ᠣᠷᠣᠯᠴᠠᠭᠰᠠᠨ ᠨᠥᠬᠥᠳ ᠲᠠᠩᠭ᠋ᠠᠷᠢᠭ᠎ᠤᠨ ᠦᠭᠡ᠎ᠪᠠᠨ ᠪᠠᠲᠤ ᠴᠡᠭᠡᠵᠢᠯᠡᠵᠦ᠂ ᠦᠢ᠍ᠯᠡᠳᠦᠯᠭᠡ᠎ᠪᠠᠷ ᠵᠶ᠋ᠡᠨ ᠠᠮᠠᠯᠠᠯᠲᠠ᠎ᠪᠠᠨ ᠪᠡᠶᠡᠯᠡᠭᠦᠯᠵᠦ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠦᠨᠡᠨ ᠬᠦ᠌ ᠰᠡᠳᠬᠢᠯ ᠪᠠ ᠦᠢ᠍ᠯᠡ ᠠᠵᠢᠯᠯᠠᠭ᠎ᠠ᠎ᠳᠤ᠎ᠪᠠᠨ ᠰᠢᠩᠭᠡᠭᠡᠨ᠂ ᠦᠨᠳᠦᠰᠦᠨ ᠬᠠᠤᠯᠢ ᠵᠢᠨ ᠵᠠᠷᠴᠢᠮ᠎ᠢ ᠬᠢᠴᠢᠶᠡᠩᠭᠦᠶ᠋ᠢᠯᠡᠨ ᠰᠠᠬᠢᠵᠤ᠂ ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠵᠤ᠂ ᠴᠡᠭᠡᠵᠢ ᠳᠦᠷᠢᠨ ᠬᠠᠷᠢᠭᠤᠴᠠᠯᠭ᠎ᠠ ᠡᠭᠦᠷᠭᠡᠯᠡᠨ᠂ ᠤᠯᠤᠰ ᠲᠦᠷᠦ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠠᠮᠤᠷ ᠲᠣᠭᠲᠠᠭᠤᠨ᠎ᠢ ᠬᠦᠴᠦᠲᠡᠢ ᠬᠠᠮᠠᠭ᠋ᠠᠯᠠᠵᠤ᠂ ᠠᠷᠠᠳ ᠲᠦᠮᠡᠨ᠎ᠤ ᠠᠮᠤᠷ ᠲᠣᠭᠲᠠᠭᠤᠨ᠎ᠢ ᠦᠨᠡᠨ ᠬᠦ᠌ ᠪᠠᠳᠤᠯᠠᠨ᠂ ᠰᠢᠨ᠎ᠡ ᠴᠠᠭ ᠦᠶ᠎ᠡ ᠵᠢᠨ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠡᠷᠭᠦᠨ᠎ᠡ᠂ ᠬᠠᠤᠯᠢᠵᠢᠯ᠎ᠤᠨ ᠡᠷᠭᠦᠨ᠎ᠡ ᠵᠢᠨ ᠪᠠᠶ᠋ᠢᠭᠤᠯᠤᠯᠲᠠ ᠵᠢ ᠠᠬᠢᠭᠤᠯᠬᠤ ᠵᠢᠨ ᠲᠥᠯᠥᠭᠡ ᠲᠡᠮᠡᠴᠡᠵᠦ᠂ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ 《ᠠᠮᠤᠷ ᠠᠮᠤᠭᠤᠯᠠᠩ᠎ᠤᠨ ᠬᠠᠭᠤᠳᠠᠰᠤ》 ᠵᠢ ᠪᠢᠴᠢᠭᠯᠡᠰᠦᠭᠡᠢ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ