ᠵᠠᠮ ᠬᠠᠷᠢᠯᠴᠠᠭ᠋ᠠᠨ᠎ᠤ ᠡᠨᠳᠡᠯ᠎ᠤᠨ 《ᠬᠡᠮᠵᠢᠶ᠎ᠡ ᠵᠢ ᠪᠠᠭ᠋ᠠᠰᠬᠠᠵᠤ ᠶᠡᠬᠡ ᠵᠢ ᠡᠵᠡᠮᠳᠡᠬᠦ》 ᠠᠵᠢᠯ᠎ᠢ ᠪᠦᠬᠦ ᠬᠦᠴᠦᠨ ᠵᠶ᠋ᠠᠷ ᠰᠠᠶ᠋ᠢᠲᠤᠷ ᠬᠢᠵᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠤᠯᠠᠮ ᠨᠢᠭᠡ ᠠᠯᠬᠤᠮ ᠪᠡᠬᠢᠵᠢᠭᠦᠯᠬᠦ ᠵᠢᠨ ᠲᠤᠰᠠᠳᠠ᠂ ᠰᠢᠯᠢ ᠵᠢᠨ ᠭᠣᠤᠯ ᠠᠶ᠋ᠢᠮᠠᠭ᠎ᠤᠨ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠠᠷᠠᠭ᠎ᠤᠨ ᠰᠡᠭᠦᠯᠴᠢ ᠵᠢᠨ ᠠᠮᠠᠷᠠᠯᠲᠠ ᠵᠢᠨ ᠬᠤᠭᠤᠴᠠᠭ᠋ᠠᠨ᠎ᠤ ᠴᠢᠬᠤᠯᠠ ᠵᠠᠩᠭᠢᠯᠠᠭ᠎ᠠ ᠵᠢᠨ ᠴᠡᠭ᠎ᠤᠨ ᠵᠢᠮ᠎ᠡ ᠶᠣᠰᠣ ᠣᠨᠴᠠᠯᠢᠭ᠎ᠢ ᠦᠨᠳᠦᠰᠦᠯᠡᠨ᠂ ᠬᠠᠷᠢᠶ᠎ᠠ ᠣᠷᠣᠨ᠎ᠳᠤ᠎ᠪᠠᠨ ᠰᠥᠨᠢ ᠵᠢᠨ ᠪᠠᠶ᠋ᠢᠴᠠᠭ᠋ᠠᠯᠲᠠ ᠵᠢᠨ ᠨᠢᠭᠡᠳᠦᠯᠲᠡᠶ ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ᠎ᠤ ᠶᠠᠪᠤᠵᠤ ᠰᠠᠭᠤᠬᠤ᠎ᠳᠤ ᠰᠠᠶ᠋ᠢᠨ ᠰᠠᠶ᠋ᠢᠬᠠᠨ ᠵᠠᠮ ᠬᠠᠷᠢᠯᠴᠠᠭ᠋ᠠᠨ᠎ᠤ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠪᠡ᠃

ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢᠶᠠᠲᠤ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠡᠮᠦᠨᠡᠬᠢ ᠬᠤᠭᠤᠴᠠᠭ᠋ᠠᠨ᠎ᠤ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠣᠭᠣᠳᠬᠤ ᠵᠢ ᠴᠡᠭᠴᠡᠯᠡᠨ ᠵᠠᠰᠠᠭᠰᠠᠨ ᠲᠤᠷᠰᠢᠯᠭ᠎ᠠ᠎ᠪᠠᠨ ᠳ᠋ᠦᠩᠨᠡᠵᠦ᠂ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠣᠭᠣᠳᠬᠤ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠡᠭᠦᠰᠬᠦ ᠵᠢᠮ᠎ᠡ ᠣᠨᠴᠠᠯᠢᠭ᠎ᠢ ᠵᠠᠳᠠᠯᠤᠨ ᠰᠤᠳᠤᠯᠤᠨ ᠮᠠᠭ᠋ᠠᠳᠯᠠᠵᠤ᠂ ᠪᠠᠶ᠋ᠢᠴᠠᠭ᠋ᠠᠨ ᠡᠵᠡᠮᠳᠡᠬᠦ ᠴᠢᠭ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠤᠨ᠂ ᠣᠯᠠᠨ ᠲᠠᠯ᠎ᠠ᠎ᠪᠠᠷ ᠬᠦᠴᠦᠯᠡᠵᠦ᠂ 《ᠠᠶᠤᠯ ᠶᠡᠬᠡᠲᠡᠶ》 ᠴᠠᠭ ᠬᠤᠭᠤᠴᠠᠭ᠎ᠠ ᠵᠢ ᠴᠢᠩᠭ᠎ᠠ ᠠᠵᠢᠭᠯᠠᠵᠤ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠣᠳᠬᠤ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠨᠢᠭᠡ ᠵᠢ ᠢᠯᠡᠷᠡᠭᠦᠯᠪᠡᠯ ᠨᠢᠭᠡ ᠵᠢ ᠨᠡᠬᠡᠮᠵᠢᠯᠡᠨ ᠪᠠᠶ᠋ᠢᠴᠠᠭ᠋ᠠᠵᠤ᠂ ᠨᠢᠭᠡ ᠵᠢ ᠤᠬᠠᠭᠤᠯᠤᠨ ᠬᠥᠮᠦᠵᠢᠭᠦᠯᠬᠦ ᠵᠢ ᠡᠷᠡᠰ ᠪᠡᠶᠡᠯᠡᠭᠦᠯᠵᠦ᠂ ᠴᠢᠩᠭ᠎ᠠ ᠪᠠᠶ᠋ᠢᠴᠠᠭ᠋ᠠᠬᠤ᠂ ᠴᠢᠩᠭ᠎ᠠ ᠬᠠᠮᠢᠶᠠᠷᠬᠤ᠂ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶ᠋ᠢᠳᠠᠯ᠎ᠢ ᠦᠨᠡᠨ ᠬᠦ᠌ ᠪᠣᠶ ᠪᠣᠯᠭ᠋ᠠᠬᠤ ᠪᠣᠯᠭ᠋ᠠᠪᠠ᠃
ᠠᠵᠢᠯᠯᠠᠭ᠎ᠠ ᠵᠢᠨ ᠶᠠᠪᠤᠴᠠ᠎ᠳᠤ᠂ ᠡᠭᠦᠷᠭᠡ ᠭᠦᠢ᠍ᠴᠡᠳᠬᠡᠬᠦ ᠠᠷᠠᠳ᠎ᠤᠨ ᠴᠠᠭᠳᠠᠭ᠎ᠠ ᠠᠮᠤᠷ ᠲᠦᠪᠰᠢᠨ᠎ᠤ ᠪᠦᠰᠡ ᠪᠦᠰᠡᠯᠡᠭᠰᠡᠨ ᠥᠬᠡᠶ᠂ ᠳᠤᠭᠤᠯᠠᠭ᠎ᠠ ᠵᠡᠭᠦᠭᠰᠡᠨ ᠥᠬᠡᠶ ᠵᠡᠷᠭᠡ ᠬᠠᠤᠯᠢ ᠵᠢ ᠵᠥᠷᠢᠴᠡᠭᠰᠡᠨ ᠵᠢᠯᠣᠭᠣᠴᠢ᠎ᠳᠤ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ ᠬᠢᠵᠦ᠂ ᠵᠢᠯᠣᠭᠣᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃