ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠵᠢᠴᠢ 《ᠲᠠᠪᠤᠨ ᠶᠡᠬᠡ ᠭᠠᠷᠳᠠᠴᠠ》 ᠵᠢᠨ ᠵᠠᠭᠤᠨ ᠡᠳᠦᠷ᠎ᠤᠨ ᠪᠣᠭᠣᠮᠲᠠ ᠰᠢᠪᠲᠤᠯᠬᠤ ᠲᠣᠳᠣᠷᠬᠠᠢ ᠪᠠᠶ᠋ᠢᠴᠠᠭ᠋ᠠᠵᠤ ᠴᠡᠭᠴᠡᠯᠡᠨ ᠵᠠᠰᠠᠬᠤ ᠨᠢᠭᠡᠳᠦᠯᠲᠡᠢ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-12-27

     ᠣᠢ᠌ᠷ᠎ᠠ᠎ᠳᠤ᠂ ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠵᠤ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠵᠢᠴᠢ 《ᠲᠠᠪᠤᠨ ᠶᠡᠬᠡ ᠭᠠᠷᠳᠠᠴᠠ》 ᠵᠢᠨ ᠵᠠᠭᠤᠨ ᠡᠳᠦᠷ᠎ᠤᠨ ᠪᠣᠭᠣᠮᠲᠠ ᠰᠢᠪᠲᠤᠯᠬᠤ ᠵᠢ ᠰᠥᠨᠢ᠎ᠪᠠᠷ ᠨᠢᠭᠡᠳᠦᠯᠲᠡᠶ ᠲᠣᠳᠣᠷᠬᠠᠢ  ᠪᠠᠶ᠋ᠢᠴᠠᠭ᠋ᠠᠬᠤ ᠠᠵᠢᠯᠯᠠᠭ᠎ᠠ ᠵᠢ ᠥᠷᠨᠢᠭᠦᠯᠵᠦ᠂ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ ᠠᠵᠢᠯᠯᠠᠭ᠎ᠠ ᠵᠢᠨ ᠳᠤᠮᠳᠠᠬᠢ ᠴᠠᠭᠳᠠᠭ᠋ᠠᠨ᠎ᠤ ᠬᠦᠴᠦᠨ᠎ᠤ ᠭᠣᠤᠯᠳᠠᠯᠭ᠎ᠠ᠎ᠲᠠᠢ ᠬᠡᠰᠡᠭ᠎ᠢ ᠬᠠᠮᠤᠷᠴᠤ ᠪᠣᠳᠠᠲᠠᠶ ᠪᠠᠢ᠌ᠴᠠᠭ᠋ᠠᠬᠤ᠂ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠠᠵᠢᠯ᠎ᠢ ᠪᠣᠳᠠᠲᠠᠶ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃

640.png


    ᠪᠠᠶ᠋ᠢᠴᠠᠭ᠋ᠠᠬᠤ ᠶᠠᠪᠤᠴᠠ᠎ᠳᠤ᠂ ᠠᠷᠠᠳ᠎ᠤᠨ ᠴᠠᠭᠳᠠᠭ᠎ᠠ ᠬᠠᠷᠢᠶ᠎ᠠ ᠣᠷᠣᠨ᠎ᠤ᠎ᠪᠠᠨ ᠡᠯ᠎ᠡ ᠲᠥᠷᠥᠯ᠎ᠤᠨ ᠲᠠᠯᠠᠪᠤᠷ ᠭᠠᠵᠠᠷ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ᠂ ᠪᠠᠭᠤᠳᠠᠯ᠎ᠤᠨ ᠦᠢ᠍ᠯᠡᠰ᠂ ᠠᠵᠢᠯ ᠲᠥᠷᠥᠯ᠎ᠤᠨ ᠲᠠᠯᠠᠪᠤᠷ᠎ᠤᠨ ᠠᠷᠠᠳ᠎ᠤᠨ ᠬᠥᠮᠥᠨ᠎ᠤ ᠰᠡᠷᠭᠡᠶ᠋ᠢᠯᠡᠯᠲᠡ᠂ ᠪᠣᠳᠠᠰ᠎ᠤᠨ ᠰᠡᠷᠭᠡᠶ᠋ᠢᠯᠡᠯᠲᠡ᠂ ᠮᠡᠷᠭᠡᠵᠢᠯ᠎ᠤᠨ ᠰᠡᠷᠭᠡᠶ᠋ᠢᠯᠡᠯᠲᠡ ᠵᠡᠷᠭᠡ ᠠᠮᠤᠷ ᠲᠦᠪᠰᠢᠨ᠎ᠤ ᠲᠥᠬᠥᠭᠡᠷᠦᠮᠵᠢ᠂ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠪᠦᠷᠢᠨ ᠳᠣᠭᠢᠷᠠᠭᠤᠯᠤᠭᠰᠠᠨ ᠡᠰᠡᠬᠦ ᠵᠡᠷᠭᠡ ᠲᠠᠯ᠎ᠠ᠎ᠪᠠᠷ ᠭᠣᠤᠯᠳᠠᠯᠭ᠎ᠠ᠎ᠲᠠᠢ ᠪᠠᠶ᠋ᠢᠴᠠᠭ᠋ᠠᠯᠲᠠ ᠬᠢᠭᠰᠡᠨ ᠪᠥᠭᠡᠳ ᠪᠠᠭᠤᠳᠠᠯ᠎ᠤᠨ ᠦᠢ᠍ᠯᠡᠰ᠎ᠤᠨ ᠰᠢᠰᠲ᠋ᠧᠮ᠎ᠠᠴᠠ ᠣᠷᠣᠵᠤ ᠰᠠᠭᠤᠭᠰᠠᠳ᠎ᠤᠨ ᠮᠡᠳᠡᠭᠡ ᠵᠠᠩᠭᠢ ᠵᠢ ᠰᠣᠩᠭᠣᠨ ᠠᠪᠴᠤ ᠬᠢᠨᠠᠨ ᠬᠠᠷᠭᠤᠭᠤᠯᠵᠤ᠂ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ᠎ᠢ ᠳᠣᠲᠣᠭ᠋ᠠᠳᠤ ᠵᠢᠨ ᠠᠮᠤᠷ ᠲᠦᠪᠰᠢᠨ᠎ᠤ ᠪᠠᠲᠤᠯᠠᠭ᠎ᠠ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠬᠠᠮᠢᠶᠠᠷᠤᠯᠲᠠ ᠵᠢᠨ ᠲᠦᠷᠢᠮ᠎ᠢ ᠵᠢᠷᠤᠮᠵᠢᠭᠤᠯᠤᠨ᠂ ᠲᠠᠯᠠᠪᠤᠷ᠎ᠤᠨ 《ᠠᠮᠤᠷ ᠲᠦᠪᠰᠢᠨ᠎ᠤ ᠨᠡᠭᠡᠯᠡᠬᠡᠶ》 ᠵᠢ ᠴᠢᠩᠭ᠋ᠠᠯᠠᠬᠤ ᠬᠡᠷᠡᠭᠲᠡᠶ ᠭᠡᠵᠦ ᠱᠠᠭ᠋ᠠᠷᠳᠠᠪᠠ᠃
    ᠬᠥᠭᠵᠢᠶᠡᠨ ᠨᠠᠷᠭᠢᠶᠠᠨ᠎ᠲᠠᠢ ᠵᠠᠮ᠎ᠤᠨ ᠬᠡᠰᠡᠭ᠂ ᠭᠠᠯᠲᠤ ᠲᠡᠷᠭᠡᠨ᠎ᠤ ᠥᠷᠲᠡᠭᠡ᠂ ᠠᠭᠤᠳᠠᠮ ᠲᠠᠯᠠᠪᠠᠶ ᠵᠡᠷᠭᠡ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠣᠷᠣᠨ ᠪᠦᠰᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠶᠠᠪᠠᠭ᠋ᠠᠨ ᠴᠠᠭᠳᠠᠯᠲᠠ + ᠲᠡᠷᠭᠡ᠎ᠪᠠᠷ ᠴᠠᠭᠳᠠᠯᠲᠠ》 ᠵᠡᠷᠭᠡ ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠢ ᠬᠡᠷᠡᠭᠯᠡᠨ᠂ ᠴᠠᠭᠳᠠᠭ᠎ᠠ ᠵᠢ ᠢᠯᠡᠬᠡᠨ ᠬᠡᠷᠡᠭᠯᠡᠬᠦ ᠵᠢ ᠴᠢᠩᠭ᠋ᠠᠷᠠᠭᠤᠯᠵᠤ᠂ ᠴᠠᠭᠳᠠᠨ ᠰᠡᠷᠭᠡᠶ᠋ᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠴᠠᠭᠳᠠᠭ᠋ᠠᠨ᠎ᠤ ᠳ᠋ᠧᠩ᠎ᠢ ᠪᠠᠶ᠋ᠢᠩᠭᠤ ᠭᠡᠷᠡᠯᠲᠦᠭᠦᠯᠬᠦ᠂ ᠴᠠᠭᠳᠠᠭ᠋ᠠᠨ᠎ᠤ ᠲᠡᠷᠭᠡ ᠵᠢ ᠪᠠᠶ᠋ᠢᠩᠭᠤ ᠬᠠᠷᠠᠭᠳᠠᠬᠤ ᠵᠢ ᠪᠡᠶᠡᠯᠡᠭᠦᠯᠵᠦ᠂ ᠴᠠᠭᠳᠠᠭ᠋ᠠᠨ᠎ᠤ ᠬᠠᠷᠠᠭᠳᠠᠬᠤ ᠨᠣᠷᠮ᠎ᠠ᠂ ᠬᠡᠷᠡᠭ ᠶᠠᠪᠤᠳᠠᠯ᠎ᠢ ᠬᠠᠮᠢᠶᠠᠷᠬᠤ ᠨᠣᠷᠮ᠎ᠠ᠂ ᠰᠦᠷᠳᠡᠭᠦᠯᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠶᠡᠬᠡ ᠠᠩᠭᠢ ᠵᠢᠨ᠎ᠬᠢᠨ ᠬᠤᠲᠠ ᠵᠢᠨ ᠲᠣᠭᠣᠷᠢᠭ᠎ᠤᠨ ᠭᠣᠣᠯ ᠵᠠᠮ᠂ ᠵᠠᠮ᠎ᠤᠨ ᠬᠣᠷᠢᠭ᠎ᠠ ᠪᠤᠭᠤᠮᠳᠠ ᠭᠠᠷᠭ᠋ᠠᠨ ᠪᠠᠶ᠋ᠢᠴᠠᠭ᠋ᠠᠵᠤ᠂ 24 ᠴᠠᠭ᠎ᠤᠨ ᠲᠣᠭᠣᠷᠢᠨ ᠴᠠᠭᠳᠠᠵᠤ ᠬᠠᠮᠢᠶᠠᠷᠤᠨ ᠡᠵᠡᠮᠳᠡᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠡᠨᠳᠡᠯ ᠠᠮᠠᠷᠬᠠᠨ ᠤᠯᠠᠨ ᠭᠠᠷᠬᠤ ᠵᠠᠮ᠎ᠤᠨ ᠬᠡᠰᠡᠭ᠎ᠤᠨ ᠲᠣᠭᠣᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ ᠡᠷᠴᠢᠮ᠎ᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠠᠷᠢᠬᠢ ᠤᠤᠭᠤᠵᠤ ᠲᠡᠷᠭᠡ ᠵᠢᠯᠣᠭᠣᠳᠬᠤ᠂ ᠰᠣᠭᠲᠣᠭᠤ᠎ᠪᠠᠷ ᠲᠡᠷᠭᠡ ᠵᠢᠯᠣᠭᠣᠳᠬᠤ᠂ ᠬᠣᠣᠷᠲᠤ ᠡᠳ᠋ ᠲᠠᠲᠠᠭ᠋ᠠᠳ ᠲᠡᠷᠭᠡ ᠵᠢᠯᠣᠭᠣᠳᠬᠤ᠂ ᠫᠠᠶ᠋ᠢᠰᠠ ᠦᠨᠡᠮᠯᠡᠯ ᠦᠭᠡᠢ ᠲᠡᠷᠭᠡ ᠬᠥᠰᠬᠡ᠂ 《ᠨᠢᠭᠡ ᠳᠤᠭᠤᠯᠠᠭ᠎ᠠ ᠨᠢᠭᠡ ᠪᠦᠰᠡ》 ᠵᠡᠷᠭᠡ ᠵᠠᠮ ᠬᠠᠷᠢᠯᠴᠠᠭ᠋ᠠᠨ᠎ᠤ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠵᠤ᠂ ᠠᠮᠤᠷ ᠲᠦᠪᠰᠢᠨ᠎ᠤ ᠳᠠᠯᠳᠠ ᠭᠡᠮ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠠᠷᠢᠯᠭ᠋ᠠᠵᠤ᠂ ᠣᠷᠣᠨ ᠪᠦᠰᠡ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠡᠮᠬᠢ ᠳᠢᠭᠯᠢᠮ᠎ᠲᠠᠢ ᠪᠠᠶ᠋ᠢᠬᠤ ᠵᠢ ᠪᠠᠳᠤᠯᠠᠪᠠ᠃
    ᠡᠷᠢᠶᠡᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ 《ᠬᠤᠯᠠᠭ᠋ᠠᠶ᠋ᠢᠯᠠᠬᠤ ᠪᠤᠯᠢᠶᠠᠬᠤ ᠮᠡᠬᠡᠯᠡᠬᠦ》 ᠵᠡᠷᠭᠡ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠪᠣᠭᠣᠮᠲᠠ ᠰᠢᠪᠲᠤᠯᠵᠤ ᠵᠢᠵᠢᠭ ᠬᠡᠷᠡᠭ᠎ᠢ ᠤᠯᠠᠮ ᠨᠢᠭᠡ ᠠᠯᠬᠤᠮ ᠴᠢᠩᠭ᠎ᠠ ᠠᠩᠬᠠᠷᠴᠤ᠂ ᠠᠷᠠᠳ᠎ᠤᠨ ᠠᠮᠢᠳᠤᠷᠠᠯ᠎ᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠨ ᠡᠯ᠎ᠡ ᠵᠦᠢ᠍ᠯ᠎ᠤᠨ ᠴᠣᠬᠢᠯᠲᠠ ᠥᠭᠬᠦ ᠠᠷᠭ᠎ᠠ ᠬᠡᠮᠵᠢᠶ᠎ᠡ ᠵᠢ ᠡᠴᠦᠰ᠎ᠲᠤ᠎ᠨᠢ ᠲᠤᠯᠲᠠᠯ᠎ᠠ ᠠᠳᠬᠤᠵᠤ᠂ ᠣᠷᠣᠨ ᠪᠠᠶ᠋ᠢᠷᠢ᠎ᠳᠤ᠎ᠨᠢ ᠨᠠᠶ᠋ᠢᠳᠠᠪᠤᠷᠢᠵᠢᠭᠤᠯᠤᠨ ᠬᠠᠷᠢᠶᠠᠲᠤ ᠣᠷᠣᠨ᠎ᠤ ᠨᠡᠶ᠋ᠢᠭᠡᠮ᠎ᠤᠨ ᠶᠡᠬᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠡᠷᠡᠰ ᠪᠠᠲᠤᠯᠠᠵᠤ᠂ ᠠᠷᠠᠳ ᠣᠯᠠᠨ᠎ᠳᠤ ᠠᠮᠤᠷ ᠠᠮᠤᠭᠤᠯᠠᠩ ᠥᠯᠵᠡᠶ ᠪᠡᠯᠭᠡ᠎ᠲᠠᠢ ᠬᠢᠯᠢ ᠵᠢᠨ ᠪᠣᠭᠣᠮᠲᠠ ᠵᠢᠨ ᠨᠡᠶ᠋ᠢᠭᠡᠮ᠎ᠤᠨ ᠣᠷᠴᠢᠨ ᠨᠥᠬᠥᠴᠡᠯ᠎ᠢ ᠪᠣᠶ ᠪᠣᠯᠭ᠋ᠠᠵᠤ ᠥᠭᠬᠦ᠎ᠪᠠᠷ ᠴᠢᠷᠮᠠᠶ᠋ᠢᠨ᠎ᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ