ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠬᠦᠷᠢᠶ᠎ᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠬᠠᠬᠢᠷ ᠡᠪᠦᠯ᠎ᠳᠤ ᠬᠠᠶ᠋ᠢᠷ᠎ᠠ ᠬᠠᠯᠠᠮᠵᠢ ᠬᠦᠷᠭᠡᠬᠦ》 ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-12-27

      ᠴᠠᠭᠳᠠᠭ᠎ᠠ ᠵᠢ ᠬᠠᠷᠠᠭ᠋ᠠᠯᠵᠠᠵᠤ ᠴᠠᠭᠳᠠᠭ᠎ᠠ ᠵᠢ ᠬᠠᠶ᠋ᠢᠷᠠᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠨᠠᠶ᠋ᠢᠳᠠᠪᠤᠷᠢᠵᠢᠭᠤᠯᠬᠤ᠂ ᠨᠢᠭᠡᠳᠦᠭᠡᠷ ᠹᠷᠣᠨᠲ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠲᠣᠪᠴᠢᠶᠠᠨ᠎ᠤ ᠨᠠᠮ᠎ᠤᠨ ᠬᠣᠷᠢᠶ᠎ᠠ ᠵᠢᠨ ᠬᠠᠢ᠌ᠷ᠎ᠠ ᠬᠠᠯᠠᠮᠵᠢ ᠵᠢ ᠬᠦᠷᠭᠡᠬᠦ ᠵᠢᠨ ᠲᠥᠯᠥᠭᠡ᠂ ᠣᠶ᠋ᠢᠷ᠎ᠠ᠎ᠳᠤ᠂ ᠲᠦᠩᠯᠢᠶᠣᠤ ᠬᠣᠲᠠ ᠵᠢᠨ ᠬᠦᠷᠢᠶ᠎ᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠢᠯᠴᠢᠨ᠎ᠤ ᠡᠪᠯᠡᠯ᠎ᠤᠨ᠎ᠬᠢ ᠤᠯᠤᠰ ᠲᠥᠷᠥ ᠵᠢᠨ ᠠᠵᠢᠯ᠎ᠤᠨ ᠠᠯᠪᠠᠨ ᠬᠡᠷ᠎ᠲᠠᠢ ᠬᠠᠮᠲᠤᠷᠠᠨ 《ᠡᠪᠦᠯ᠎ᠤᠨ ᠠᠭᠤᠷ ᠠᠮᠢᠰᠬᠤᠯ ᠥᠳᠬᠡᠨ᠂ ᠴᠠᠭᠳᠠᠭ᠋ᠠᠨ᠎ᠤ ᠰᠡᠳᠬᠢᠯ ᠳᠤᠯᠠᠭ᠋ᠠᠨ》 ᠬᠠᠬᠢᠷ ᠡᠪᠦᠯ᠎ᠳᠤ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠡᠯ᠎ᠡ ᠲᠣᠮᠢᠯᠠᠭᠰᠠᠨ ᠰᠠᠯᠪᠤᠷᠢ᠎ᠳᠤ ᠬᠦᠷᠴᠦ ᠨᠢᠭᠡᠳᠦᠭᠡᠷ ᠹᠷᠣᠨᠲ᠎ᠤᠨ ᠠᠷᠠᠳ᠎ᠤᠨ ᠴᠠᠭᠳᠠᠭ᠎ᠠ ᠬᠠᠪᠰᠤᠭᠴᠢ ᠴᠠᠭᠳᠠᠭ᠎ᠠ ᠵᠢ ᠪᠣᠯᠭᠣᠭ᠋ᠠᠨ ᠲᠣᠬᠣᠨᠢᠭᠤᠯᠵᠤ᠂ ᠠᠮᠤ ᠪᠤᠳᠠᠭ᠎ᠠ᠂ ᠢᠳᠡᠰᠢᠨ ᠲᠣᠰᠣ ᠵᠡᠷᠭᠡ ᠠᠮᠢᠳᠤᠷᠠᠯ᠎ᠤᠨ ᠡᠳ᠋ ᠪᠣᠳᠠᠰ᠎ᠢ ᠬᠦᠷᠭᠡᠭᠰᠡᠨ ᠪᠠᠶ᠋ᠢᠨ᠎ᠠ᠃

11.jpg


      ᠡᠯ᠎ᠡ ᠲᠣᠮᠢᠯᠠᠭᠰᠠᠨ ᠰᠠᠯᠪᠤᠷᠢ᠎ᠳᠤ᠂ ᠲᠣᠬᠣᠨᠢᠭᠤᠯᠬᠤ ᠳᠤᠭᠤᠶ᠋ᠢᠯᠠᠩ᠎ᠤᠨ ᠨᠥᠬᠥᠳ ᠠᠷᠠᠳ᠎ᠤᠨ ᠴᠠᠭᠳᠠᠭ᠎ᠠ ᠬᠠᠪᠰᠤᠭᠴᠢ ᠴᠠᠭᠳᠠᠭ᠎ᠠ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠠᠵᠢᠯ᠂ ᠠᠮᠢᠳᠤᠷᠠᠯ ᠵᠢᠴᠢ ᠭᠡᠷ ᠪᠦᠯᠢ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠲᠣᠪᠴᠢᠶᠠᠨ᠎ᠤ ᠨᠠᠮ᠎ᠤᠨ ᠬᠣᠷᠢᠶᠠᠨ᠎ᠤ ᠴᠢᠩ ᠰᠡᠳᠬᠢᠯ᠎ᠤᠨ ᠬᠠᠯᠠᠮᠵᠢᠯᠠᠯ᠎ᠢ ᠳᠠᠮᠵᠢᠭᠤᠯᠵᠤ᠂ ᠤᠯᠠᠨ᠎ᠢ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ ᠰᠢᠯᠢᠳᠡᠭ ᠰᠤᠷᠲᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠵᠦᠢ᠍ᠯ᠎ᠤᠨ ᠦᠨᠳᠦᠰᠦᠨ ᠱᠠᠲᠤᠨ᠎ᠤ ᠰᠠᠭᠤᠷᠢ ᠠᠵᠢᠯ᠎ᠤᠨ ᠲᠣᠭᠣᠷᠢᠨ᠎ᠳᠤ ᠰᠡᠳᠬᠢᠯ ᠵᠶ᠋ᠠᠨ ᠨᠢᠭᠡᠳᠬᠡᠨ ᠬᠦᠴᠦᠨ ᠵᠶ᠋ᠠᠨ ᠬᠠᠮᠲᠤᠳᠬᠠᠵᠤ᠂ ᠡᠷᠴᠢ ᠵᠣᠷᠢᠭ ᠵᠶ᠋ᠠᠨ ᠭᠦᠢ᠍ᠴᠡᠳ ᠪᠠᠳᠠᠷᠠᠭᠤᠯᠵᠤ᠂ ᠵᠢᠯ᠎ᠤᠨ ᠡᠴᠦᠰ᠎ᠤᠨ ᠰᠢᠪᠲᠤᠯᠲᠠ ᠲᠡᠭᠦᠰᠬᠡᠯ᠎ᠤᠨ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠬᠡᠷᠡᠭᠲᠡᠢ ᠭᠡᠵᠦ ᠵᠣᠷᠢᠭᠵᠢᠭᠤᠯᠪᠠ᠃

22.jpg


      ᠲᠠᠷᠠᠭ᠋ᠠᠴᠢ ᠵᠢᠨ ᠠᠯᠬᠤᠮ᠎ᠳᠤ᠂ ᠲᠣᠪᠴᠢᠶ᠎ᠠ ᠵᠢᠨ ᠠᠵᠢᠯᠴᠢᠨ᠎ᠤ ᠡᠪᠯᠡᠯ ᠪᠣᠯᠤᠨ ᠴᠠᠭᠳᠠᠭ᠎ᠠ ᠵᠢ ᠬᠠᠶ᠋ᠢᠷᠠᠯᠠᠬᠤ ᠠᠯᠪᠠᠨ ᠬᠡᠷ᠎ᠤᠨ᠎ᠬᠢᠨ ᠨᠢᠭᠡᠳᠦᠭᠡᠷ ᠹᠷᠣᠨᠲ᠎ᠤᠨ ᠠᠷᠠᠳ᠎ᠤᠨ ᠴᠠᠭᠳᠠᠭ᠎ᠠ ᠬᠠᠪᠰᠤᠭᠴᠢ ᠴᠠᠭᠳᠠᠭ᠎ᠠ ᠵᠢᠨ ᠠᠮᠢᠳᠤᠷᠠᠯ᠎ᠤᠨ ᠳᠤᠮᠳᠠᠬᠢ ᠪᠣᠳᠠᠲᠠᠶ ᠬᠦᠴᠢᠷᠳᠡᠯ᠎ᠳᠤ ᠦᠷᠭᠦᠯᠵᠢᠯᠡᠨ ᠰᠡᠳᠬᠢᠯ ᠲᠠᠯᠪᠢᠵᠤ᠂ ᠦᠨᠡᠨ ᠰᠡᠳᠬᠢᠯ᠎ᠠᠴᠠ᠎ᠪᠠᠨ ᠬᠦᠴᠢᠷᠳᠡᠯ᠎ᠢ᠎ᠨᠢ ᠰᠢᠢ᠍ᠳᠪᠦᠷᠢᠯᠡᠵᠦ᠂ ᠵᠣᠬᠢᠶᠠᠨ ᠪᠠᠶ᠋ᠢᠭᠤᠯᠤᠯᠲᠠ ᠵᠢᠨ ᠬᠠᠢ᠌ᠷ᠎ᠠ ᠬᠠᠯᠠᠮᠵᠢᠯᠠᠯ᠎ᠢ ᠣᠯᠠᠨ᠎ᠳᠤ ᠦᠨᠡᠨ ᠬᠦ᠌ ᠮᠡᠳᠡᠷᠡᠭᠦᠯᠦᠨ᠎ᠡ ᠭᠡᠵᠡᠶ᠃

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ