ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-10-17

    ᠤᠯᠤᠰ᠎ᠤᠨ ᠪᠠᠶᠠᠷ᠎ᠠᠴᠠ ᠡᠮᠦᠨᠡᠬᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠯ᠎ᠡ ᠨᠠᠮ᠎ᠤᠨ ᠡᠭᠦᠷ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂ ᠡᠩᠨᠡᠭᠡ ᠵᠢᠨ ᠨᠢᠭᠲᠠᠷᠠᠯ᠎ᠤᠨ ᠬᠦᠴᠦᠨ ᠪᠠ ᠳᠠᠶ᠋ᠢᠴᠢᠨ ᠬᠦᠴᠦᠨ᠎ᠢ ᠴᠢᠩᠭ᠋ᠠᠷᠠᠭᠤᠯᠪᠠ᠃
1.png 

  

3.png


     ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠨᠢᠭᠡ ᠤᠳᠠᠭ᠋ᠠᠨ᠎ᠤ ᠬᠤᠪᠢᠰᠬᠠᠯ᠎ᠤᠨ ᠬᠥᠮᠦᠵᠢᠯ ᠪᠠ ᠦᠵᠡᠯ ᠰᠠᠨᠠᠭ᠋ᠠᠨ᠎ᠤ ᠳᠠᠪᠲᠠᠯᠲᠠ ᠵᠢ ᠬᠦᠯᠢᠶᠡᠵᠦ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠷ ᠬᠤᠪᠢᠰᠬᠠᠯ᠎ᠤᠨ ᠵᠣᠷᠢᠭ ᠰᠠᠨᠠᠭ᠎ᠠ ᠵᠢ ᠬᠥᠭᠵᠢᠭᠡᠬᠦ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠷᠡᠯᠬᠡᠭᠯᠡᠨ ᠤᠷᠤᠭᠰᠢᠯᠠᠬᠤ ᠳᠠᠢ᠌ᠴᠢᠨ ᠬᠦᠴᠦᠨ᠎ᠢ ᠨᠢᠭᠲᠠᠷᠠᠭᠤᠯᠵᠤ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠨᠡᠩ ᠣᠷᠭᠢᠯᠤᠮ᠎ᠠ ᠬᠠᠯᠠᠭᠤᠨ ᠠᠵᠢᠯ᠎ᠤᠨ ᠬᠠᠯᠠᠭᠤᠨ ᠰᠡᠳᠬᠢᠯᠭᠡ᠂ ᠨᠡᠩ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ᠂ ᠨᠡᠩ ᠴᠤᠭ ᠪᠠᠳᠠᠷᠠᠩᠭᠤᠢ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠠᠷᠠᠳ ᠲᠦᠮᠡᠨ᠎ᠤ ᠦᠨᠡᠨᠴᠢ ᠰᠢᠳᠤᠷᠭᠤ ᠠᠮᠤᠷ ᠲᠦᠪᠰᠢᠨ᠎ᠤ ᠬᠠᠮᠠᠭ᠋ᠠᠯᠠᠭᠴᠢ ᠪᠣᠯᠬᠤ ᠵᠢ ᠤᠯᠠᠮ ᠨᠢᠭᠡ ᠠᠯᠬᠤᠮ ᠬᠦᠳᠦᠯᠦᠨ ᠵᠢᠯᠣᠭᠤᠳᠪᠠ᠃
   

ᠢᠷᠡᠯᠲᠡ᠄ ᠬᠢᠩᠭ᠋ᠠᠨ ᠠᠢ᠌ᠮᠠᠭ᠎ᠤᠨ ᠳᠣᠲᠤᠭ᠋ᠠᠳᠤ ᠵᠢ ᠬᠠᠮᠠᠭ᠋ᠠᠯᠠᠬᠤ ᠲᠣᠪᠴᠢᠶ᠎ᠠ