ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠵᠢ ᠪᠡᠯᠭᠡᠯᠡᠬᠦ》 ᠤᠯᠤᠰ᠎ᠤᠨ ᠲᠣᠭ ᠮᠠᠨᠳᠤᠭᠤᠯᠬᠤ ᠶᠣᠰᠣᠯᠠᠯ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2024-10-28

      ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠵᠢ ᠪᠡᠯᠡᠭᠯᠡᠨ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠤᠯᠠᠮ ᠨᠢᠭᠡ ᠠᠯᠬᠤᠮ ᠵᠠᠯᠭ᠋ᠠᠮᠵᠢᠯᠠᠨ ᠪᠠᠳᠠᠷᠠᠭᠤᠯᠵᠤ᠂ ᠪᠥᠬᠥ ᠴᠠᠭᠳᠠᠭ᠎ᠠ ᠵᠢᠨ ᠲᠡᠮᠡᠴᠡᠯ᠎ᠤᠨ ᠵᠣᠷᠢᠭ᠎ᠢ ᠬᠥᠭᠵᠢᠭᠡᠨ᠂ ᠡᠩᠨᠡᠭᠡ ᠵᠢᠨ ᠨᠢᠭᠲᠠᠷᠠᠯ᠎ᠤᠨ ᠬᠦᠴᠦᠨ ᠳᠠᠶ᠋ᠢᠴᠢᠨ ᠬᠦᠴᠦᠨ᠎ᠢ ᠴᠢᠩᠭ᠋ᠠᠷᠠᠭᠤᠯᠬᠤ ᠵᠢᠨ ᠲᠥᠯᠥᠭᠡ᠂ 10 ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠤᠯᠤᠰ᠎ᠤᠨ ᠪᠠᠶᠠᠷ᠎ᠤᠨ ᠡᠳᠦᠷ᠎ᠤᠨ ᠤᠯᠤᠰ᠎ᠤᠨ ᠲᠣᠭ ᠮᠠᠨᠳᠤᠭᠤᠯᠬᠤ ᠶᠣᠰᠣᠯᠠᠯ᠎ᠢ ᠵᠣᠬᠢᠶᠠᠨ ᠪᠠᠶ᠋ᠢᠭᠤᠯᠵᠤ ᠶᠠᠪᠤᠭᠳᠠᠭᠤᠯᠪᠠ᠃ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶ᠎ᠠ ᠵᠢᠨ ᠳᠠᠷᠤᠭ᠎ᠠ ᠵᠠᠩ ᠸᠧᠶ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠣᠲᠠ ᠵᠢᠨ ᠲᠣᠪᠴᠢᠶ᠎ᠠ ᠵᠢᠨ ᠪᠠᠢ᠌ᠭᠤᠯᠭ᠎ᠠ᠎ᠳᠤ᠎ᠪᠠᠨ ᠪᠠᠶ᠋ᠢᠭ᠎ᠠ ᠨᠠᠮ᠎ᠤᠨ ᠬᠣᠷᠢᠶ᠎ᠠ ᠵᠢᠨ ᠭᠡᠰᠢᠭᠦᠨ᠂ ᠡᠯ᠎ᠡ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ᠂ ᠬᠣᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠥᠯᠥᠭᠡᠯᠡᠭᠴᠢ ᠶᠣᠰᠣᠯᠠᠯ᠎ᠳᠤ ᠣᠷᠣᠯᠴᠠᠵᠠᠶ᠃

微信图片_20241024095645.jpg


      ᠦᠳᠡ ᠵᠢᠨ ᠡᠮᠦᠨᠡᠬᠢ 10 ᠴᠠᠭ᠎ᠲᠤ᠂ ᠶᠣᠰᠣᠯᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠤᠭ ᠵᠢᠪᠬᠤᠭ᠎ᠠ᠎ᠪᠠᠷ ᠪᠢᠯᠬᠠᠵᠤ᠂ ᠲᠡᠷᠢ ᠲᠡᠭᠰᠢ ᠮᠥᠷᠯᠡᠨ ᠵᠢᠭᠰᠠᠪᠠ᠃ ᠵᠢᠯᠤᠭᠤᠳᠤᠯᠭ᠎ᠠ ᠵᠢᠨ ᠲᠤᠬᠢᠶ᠎ᠠ ᠵᠢ ᠲᠠᠭ᠋ᠠᠯᠳᠤᠨ᠂ ᠲᠤᠭ ᠬᠠᠮᠠᠭ᠋ᠠᠯᠠᠬᠤ ᠠᠩᠬᠢ ᠰᠦᠷ ᠵᠢᠪᠬᠤᠭ᠎ᠠ᠎ᠲᠠᠢ᠂ ᠠᠯᠬᠤᠭ᠎ᠠ ᠢᠳᠡᠷᠡᠭᠦᠨ ᠵᠶ᠋ᠡᠷ ᠤᠯᠤᠰ᠎ᠤᠨ ᠲᠤᠭ᠎ᠢ ᠬᠠᠮᠠᠭ᠋ᠠᠯᠠᠨ ᠲᠠᠯᠠᠪᠠᠢ᠎ᠳᠤ ᠣᠷᠣᠵᠤ ᠢᠷᠡᠪᠡ᠃ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠠᠶᠠᠰ ᠳᠤᠮᠳᠠ᠂ ᠲᠠᠪᠤᠨ ᠣᠳᠣᠲᠤ ᠤᠯᠠᠭ᠋ᠠᠨ ᠲᠤᠭ ᠠᠯᠭᠤᠷᠬᠠᠨ ᠵᠶ᠋ᠠᠷ ᠮᠠᠨᠳᠤᠵᠤ᠂ ᠰᠠᠯᠬᠢᠨ᠎ᠤ ᠠᠶ᠎ᠠ᠎ᠪᠠᠷ ᠨᠠᠮᠢᠷᠠᠵᠤ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠤᠯᠤᠰ᠎ᠤᠨ ᠲᠤᠭ᠎ᠤᠨ ᠡᠮᠦᠨ᠎ᠡ ᠲᠥᠪ ᠴᠢᠩᠭ᠎ᠠ᠎ᠪᠠᠷ ᠶᠤᠰᠤᠯᠡᠨ᠂ ᠠᠭᠤᠤ ᠶᠡᠬᠡ ᠡᠬᠡ ᠤᠯᠤᠰ᠎ᠤᠨ ᠬᠥᠭᠵᠢᠨ ᠴᠡᠴᠡᠭᠯᠡᠬᠦ ᠵᠢ ᠢᠷᠥᠭᠡᠵᠦ᠂ ᠪᠦᠬᠦ ᠬᠤᠲᠠ ᠵᠢᠨ ᠨᠡᠶ᠋ᠢᠭᠡᠮ᠎ᠤᠨ ᠶᠡᠬᠡ ᠲᠠᠯ᠎ᠠ ᠵᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠡᠷᠡᠰ ᠪᠠᠲᠤ ᠵᠣᠷᠢᠭ ᠵᠶ᠋ᠠᠨ ᠢᠯᠡᠳᠬᠡᠪᠡ᠃

微信图片_20241024095700.jpg


      ᠤᠯᠤᠰ᠎ᠤᠨ ᠲᠤᠭ ᠮᠠᠨᠳᠤᠭᠤᠯᠬᠤ ᠶᠣᠰᠣᠯᠠᠯ᠎ᠨᠢ ᠬᠥᠮᠦᠰ᠎ᠤᠨ ᠤᠷᠮ᠎ᠠ ᠵᠣᠷᠢᠭ᠎ᠢ ᠬᠦᠭᠵᠢᠭᠡᠨ᠂ ᠥᠷᠭᠡᠨ ᠣᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠢᠷᠠᠭᠤ ᠠᠯᠳᠠᠷᠲᠤ ᠰᠡᠳᠬᠢᠯᠭᠡ ᠪᠠ ᠣᠮᠣᠭ ᠪᠠᠬᠠᠳᠤᠯᠲᠤ ᠰᠡᠳᠬᠢᠯᠭᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠵᠢᠯᠯᠠᠭ᠎ᠠ᠎ᠳᠤ᠂ ᠪᠦᠬᠦ ᠴᠠᠭᠳᠠᠭ᠎ᠠ ᠵᠢᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ 《ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠣᠣᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶ᠋ᠢᠬᠤ》 ᠲᠥᠪ ᠴᠢᠩᠭ᠎ᠠ ᠠᠮᠠᠯᠠᠯᠲᠠ᠎ᠪᠠᠨ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

微信图片_20241024095707.jpg


      ᠤᠯᠤᠰ ᠳᠠᠶᠠᠭ᠋ᠠᠷ ᠵᠶ᠋ᠠᠨ ᠡᠬᠡ ᠤᠯᠤᠰ᠎ᠤᠨ ᠵᠶ᠋ᠠᠨ ᠮᠡᠨᠳᠦᠯᠡᠭᠰᠡᠨ ᠪᠠᠶᠠᠷ᠎ᠢ ᠬᠠᠮᠲᠤ᠎ᠪᠠᠷ ᠪᠡᠯᠭᠡᠯᠡᠵᠦ ᠪᠠᠶ᠋ᠢᠭ᠎ᠠ ᠲᠠᠰᠢᠷᠠᠮ᠎ᠳᠤ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠤᠯᠤᠰ᠎ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ᠎ᠤ ᠵᠣᠷᠢᠯᠭ᠎ᠠ᠎ᠨᠢ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠬᠠᠪᠰᠤᠷᠤᠨ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠤᠯᠠᠮ ᠴᠢᠨᠠᠭᠰᠢᠳᠠ ᠬᠥᠭᠵᠢᠭᠡᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠳᠤᠳᠭ᠋ᠠᠨ᠂ ᠪᠦᠬᠦ ᠴᠠᠭᠳᠠᠭ᠎ᠠ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠬᠠᠮᠠᠭ᠋ᠠᠯᠠᠬᠤ᠂ ᠲᠣᠭᠲᠠᠭᠤᠨ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠵᠢ ᠵᠣᠷᠢᠭᠵᠢᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠲᠠᠢ᠌ᠪᠤᠩᠲᠤ ᠲᠦᠷᠦᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠦᠬᠠᠢ ᠵᠢᠨ ᠬᠠᠭᠤᠳᠠᠰᠤ ᠵᠢ ᠪᠢᠴᠢᠭᠯᠡᠬᠦ᠎ᠳᠤ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠬᠦ ᠵᠢᠨ ᠲᠥᠯᠥᠭᠡ ᠶᠤᠮ᠃

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ