ᠵᠤᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠰᠢᠯᠢ ᠵᠢᠨ ᠭᠣᠤᠯ ᠠᠢ᠌ᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠶᠡᠬᠡ ᠠᠩᠭᠢ ᠭᠣᠣᠯᠳᠠᠯᠭ᠎ᠠ᠎ᠲᠠᠢ ᠴᠠᠭ᠂ ᠵᠠᠮ᠎ᠤᠨ ᠬᠡᠰᠡᠭ᠎ᠲᠤ ᠲᠣᠭᠲᠠᠭᠰᠠᠨ ᠴᠡᠭ᠎ᠤᠨ ᠪᠠᠶ᠋ᠢᠴᠠᠭ᠋ᠠᠯᠲᠠ ᠪᠠ ᠲᠣᠭᠣᠷᠢᠨ ᠴᠠᠭᠳᠠᠯᠲᠠ᠎ᠪᠠᠨ ᠴᠢᠩᠭ᠋ᠠᠳᠬᠠᠵᠤ᠂ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠣᠭᠣᠳᠤᠭᠰᠠᠨ᠂ ᠫᠠᠶ᠋ᠢᠰᠠ ᠲᠡᠮᠳᠡᠭ᠎ᠲᠤ ᠬᠣᠯᠪᠣᠭᠳᠠᠭᠰᠠᠨ᠂ ᠰᠠᠭᠤᠬᠤ ᠬᠥᠮᠦᠨ᠎ᠤ ᠲᠣᠭ᠎ᠠ ᠪᠠ ᠠᠴᠢᠶ᠎ᠠ᠎ᠠᠴᠠ ᠬᠡᠲᠦᠷᠡᠭᠰᠡᠨ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠶ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠵᠤ᠂ ᠮᠠᠰᠢᠨᠲᠤ ᠲᠡᠷᠭᠡᠨ᠎ᠤ ᠵᠢᠯᠣᠭᠣᠴᠢ ᠠᠶᠤᠯ ᠦᠭᠡᠢ ᠵᠢᠨ ᠪᠦᠰᠡ ᠪᠦᠰᠡᠯᠡᠬᠦ ᠦᠭᠡᠢ᠂ ᠮᠣᠲ᠋ᠣᠷ ᠲᠡᠷᠭᠡ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠤᠨᠤᠵᠤ ᠪᠠᠶ᠋ᠢᠭ᠎ᠠ ᠬᠥᠮᠦᠨ ᠠᠮᠤᠷ ᠲᠦᠪᠰᠢᠨ᠎ᠤ ᠳᠤᠭᠤᠯᠠᠭ᠎ᠠ ᠵᠡᠭᠦᠬᠦ ᠦᠭᠡᠢ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠵᠠᠯᠠᠷᠠᠭᠤᠯᠬᠤ ᠵᠢᠨ ᠬᠠᠮᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠦᠨ᠂ ᠤᠯᠠᠨ ᠲᠦᠮᠡᠨ᠎ᠢ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠪᠣᠯᠪᠠᠰᠤᠨ ᠵᠶ᠋ᠠᠷ ᠶᠠᠪᠤᠵᠤ ᠰᠠᠭᠤᠵᠤ᠂ ᠠᠮᠤᠷ ᠲᠦᠪᠰᠢᠨ᠎ᠢ᠎ᠪᠠᠨ ᠦᠨᠡᠨ ᠬᠦ᠌ ᠪᠠᠲᠤᠯᠠᠬᠤ ᠵᠢ ᠬᠥᠲᠥᠯᠥᠨ ᠵᠢᠯᠣᠭᠣᠳᠪᠠ᠃