ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠦᠬᠠᠶ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠠᠩᠬᠠᠳᠤᠭ᠋ᠠᠷ ᠤᠳᠠᠭ᠎ᠠ ᠵᠢᠨ 《ᠡᠪᠦᠯ᠎ᠤᠨ ᠤᠯᠠᠷᠢᠯ᠎ᠤᠨ ᠲᠣᠭᠣᠷᠢᠨ ᠰᠡᠷᠭᠡᠶ᠋ᠢᠯᠡᠬᠦ ᠠᠵᠢᠯᠯᠠᠭ᠎ᠠ》 ᠵᠢᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-24

      ᠡᠪᠦᠯ᠎ᠤᠨ ᠤᠯᠠᠷᠢᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠦᠲᠦᠮᠵᠢᠲᠡᠶ ᠬᠣᠷᠢᠭᠯᠠᠵᠤ᠂ ᠡᠪᠦᠯ᠎ᠤᠨ ᠤᠯᠠᠷᠢᠯ᠎ᠤᠨ ᠠᠮᠤᠷ ᠲᠦᠪᠰᠢᠨ᠎ᠤ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠨ᠂ ᠨᠡᠶ᠋ᠢᠭᠡᠮ᠎ᠤᠨ ᠠᠮᠤᠷ ᠲᠦᠪᠰᠢᠨ᠎ᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠴᠡᠪᠡᠷᠰᠢᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠢᠭᠡᠳᠦᠯᠲᠡᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ 11 ᠰᠠᠷ᠎ᠠ ᠵᠢᠨ 18᠎ᠤ ᠡᠳᠦᠷ᠎ᠤᠨ ᠣᠷᠣᠶ᠂ ᠡᠪᠦᠯ᠎ᠤᠨ ᠤᠯᠠᠷᠢᠯ᠎ᠤᠨ ᠨᠡᠶ᠋ᠢᠭᠡᠮ᠎ᠤᠨ ᠲᠠᠯ᠎ᠠ ᠵᠢᠨ ᠠᠮᠤᠷ᠎ᠢ ᠬᠠᠮᠠᠭ᠋ᠠᠯᠠᠬᠤ ᠲᠣᠭᠣᠷᠢᠨ ᠰᠡᠷᠭᠡᠶ᠋ᠢᠯᠡᠬᠦ ᠲᠤᠰᠬᠠᠶ ᠠᠵᠢᠯᠯᠠᠭ᠎ᠠ ᠵᠢᠨ ᠨᠢᠭᠡᠳᠦᠭᠡᠷ ᠤᠳᠠᠭ᠋ᠠᠨ᠎ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ᠃ ᠬᠤᠳᠠ ᠵᠢᠨ ᠲᠤᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠣᠷᠣᠨ ᠬᠡᠰᠡᠭ ᠳᠠᠭ᠋ᠠᠭ᠋ᠠᠴᠢᠯᠠᠨ ᠨᠢᠭᠡᠳᠦᠭᠡᠷ ᠹᠷᠣᠨᠲ᠎ᠲᠤ ᠪᠠᠭᠤᠵᠤ ᠪᠣᠳᠠᠲᠠᠢ ᠭᠠᠵᠠᠷ᠎ᠲᠤ᠎ᠨᠢ ᠬᠢᠨᠠᠨ ᠵᠢᠯᠣᠭᠣᠳᠴᠤ᠂ ᠪᠦᠬᠦ ᠴᠠᠭᠳᠠᠭ᠎ᠠ ᠲᠠᠢ᠍ᠢ᠍ᠨ᠎ᠳᠤ ᠣᠷᠣᠯᠴᠠᠵᠤ᠂ ᠪᠦᠬᠦ ᠬᠦᠴᠦᠨ ᠵᠶ᠋ᠠᠷ ᠵᠶ᠋ᠠᠨ ᠡᠪᠦᠯ᠎ᠤᠨ ᠤᠯᠠᠷᠢᠯ᠎ᠤᠨ 《ᠠᠮᠤᠷ ᠲᠦᠪᠰᠢᠨ᠎ᠤ ᠨᠡᠭᠡᠯᠡᠬᠡᠢ》 ᠵᠢ ᠴᠢᠩᠭ᠎ᠠ ᠮᠤᠰᠬᠢᠪᠠ᠃

微信图片_20241216113912.jpg


      ᠠᠵᠢᠯᠯᠠᠭ᠎ᠠ ᠵᠢᠨ ᠬᠤᠭᠤᠴᠠᠭ᠋ᠠᠨ᠎ᠳᠤ᠂ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶ᠋ᠢᠲ᠋ᠠ》 ᠵᠢᠨ ᠰᠢᠨ᠎ᠡ ᠬᠡᠯᠪᠡᠷᠢ ᠵᠢᠨ ᠴᠠᠭᠳᠠᠭ᠋ᠠᠨ᠎ᠤ ᠶᠠᠪᠤᠳᠠᠯ᠎ᠤᠨ ᠲᠣᠭᠲᠠᠴᠠ᠎ᠳᠤ  ᠭᠦᠢ᠍ᠴᠡᠳ ᠲᠦᠰᠢᠭᠯᠡᠨ᠂ 《ᠰᠡᠷᠭᠡᠶ᠋ᠢᠯᠡᠬᠦ᠂ ᠬᠠᠮᠢᠶᠠᠷᠬᠤ᠂ ᠪᠠᠶ᠋ᠢᠴᠠᠭ᠋ᠠᠬᠤ᠂ ᠴᠣᠬᠢᠯᠲᠠ ᠥᠭᠬᠦ》 ᠵᠢ ᠨᠢᠭᠡ ᠴᠤᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ 《ᠤᠯᠠᠮᠵᠢᠯᠠᠯ + ᠰᠢᠨᠵᠢᠯᠡᠬᠦ ᠤᠬᠠᠭ᠋ᠠᠨ ᠮᠡᠷᠭᠡᠵᠢᠯ》᠎ᠤᠨ ᠵᠠᠭᠪᠤᠷ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠴᠠᠭᠳᠠᠭ᠋ᠠᠨ᠎ᠤ ᠶᠠᠪᠤᠳᠠᠯ᠎ᠢ ᠰᠡᠷᠭᠡᠶ᠋ᠢᠯᠡᠬᠦ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠦᠨ᠂ ᠰᠡᠷᠭᠡᠶ᠋ᠢᠯᠡᠬᠦ᠎ᠪᠠᠷ ᠴᠣᠬᠢᠯᠲᠠ ᠥᠭᠬᠦ᠎ᠳᠤ ᠲᠤᠰᠠᠯᠠᠵᠤ᠂ ᠴᠣᠬᠢᠯᠲᠠ ᠥᠭᠬᠦ᠎ᠪᠠᠷ ᠰᠡᠷᠭᠡᠶ᠋ᠢᠯᠡᠬᠦ ᠵᠢ ᠠᠬᠢᠭᠤᠯᠤᠨ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠡᠬᠢ ᠡᠭᠦᠰᠦᠯ᠎ᠠᠴᠠ᠎ᠨᠢ ᠵᠠᠰᠠᠬᠤ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠤᠷᠢᠳᠴᠢᠯᠠᠨ ᠰᠡᠷᠭᠡᠶ᠋ᠢᠯᠡᠬᠦ ᠵᠢ ᠦᠨᠡᠨ ᠬᠦ᠌ ᠪᠡᠶᠡᠯᠡᠭᠦᠯᠪᠡ᠃

微信图片_20241216113927.jpg


微信图片_20241216114005.jpg


      ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢᠨ ᠬᠤᠭᠤᠴᠠᠭ᠋ᠠᠨ᠎ᠳᠤ᠂ ᠨᠡᠶ᠋ᠢᠲᠡ 659 ᠴᠠᠭᠳᠠᠭ᠋ᠠᠨ᠎ᠤ ᠬᠦᠴᠦᠨ᠂ 137 ᠴᠠᠭᠳᠠᠭ᠋ᠠᠨ᠎ᠤ ᠲᠡᠷᠭᠡ ᠬᠥᠳᠡᠯᠭᠡᠵᠦ᠂ ᠰᠡᠷᠭᠡᠶ᠋ᠢᠯᠡᠵᠦ ᠵᠠᠰᠠᠬᠤ ᠣᠯᠠᠨ ᠲᠦᠮᠡᠨ᠎ᠤ ᠬᠦᠴᠦᠨ 445 ᠬᠥᠮᠦᠨ᠎ᠢ ᠳᠠᠶ᠋ᠢᠴᠢᠯᠠᠪᠠ; ᠶᠡᠷᠦᠩᠬᠡᠶ᠋ᠢᠯᠡᠨ ᠪᠠᠶ᠋ᠢᠴᠠᠭ᠋ᠠᠨ ᠡᠵᠡᠮᠳᠡᠬᠦ᠂ ᠵᠠᠮ ᠬᠠᠷᠢᠯᠴᠠᠭ᠎ᠠ ᠵᠢ ᠴᠡᠭᠴᠡᠯᠡᠨ ᠵᠠᠰᠠᠬᠤ ᠵᠡᠷᠭᠡ 3 ᠬᠣᠷᠢᠭ᠎ᠠ ᠴᠡᠭ ᠭᠠᠷᠭ᠋ᠠᠪᠠ; ᠨᠡᠢ᠌ᠲᠡ 453 ᠮᠠᠰᠢᠨ ᠲᠡᠷᠭᠡ ᠵᠢ ᠪᠠᠶ᠋ᠢᠴᠠᠭ᠋ᠠᠵᠤ᠂ 214 ᠵᠤᠭ᠎ᠠ ᠴᠡᠩᠭᠡᠯ ᠵᠡᠷᠭᠡ ᠭᠣᠤᠯᠳᠠᠯᠭ᠎ᠠ᠎ᠲᠠᠢ ᠲᠠᠯᠠᠪᠤᠷ ᠭᠠᠵᠠᠷ᠎ᠢ ᠪᠠᠶ᠋ᠢᠴᠠᠭ᠋ᠠᠵᠤ᠂ 36 ᠭᠣᠤᠯᠳᠠᠯᠭ᠎ᠠ᠎ᠲᠠᠢ ᠭᠠᠵᠠᠷ᠎ᠢ ᠲᠣᠭᠣᠷᠢᠨ ᠪᠠᠶ᠋ᠢᠴᠠᠭ᠋ᠠᠵᠤ᠂ 75 ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠪᠠ; 2 ᠡᠷᠡᠭᠦᠦ ᠵᠢᠨ ᠬᠡᠷᠡᠭ᠎ᠢ ᠢᠯᠡᠷᠡᠭᠦᠯᠵᠦ᠂ 2 ᠶᠠᠯ᠎ᠠ   ᠬᠢᠭᠰᠡᠨ   ᠰᠡᠵᠢᠭᠳᠡᠨ ᠎ᠢ  ᠪᠠᠷᠢᠪᠴᠢᠯᠠᠵᠤ᠂ 《ᠱᠠᠯᠢᠭ ᠵᠠᠪᠬᠠᠶ ᠵᠦᠢ᠍ᠯ᠂ ᠵᠣᠭᠣᠰ ᠮᠦᠷᠦᠢ᠌ᠴᠡᠬᠦ᠂ ᠬᠣᠣᠷᠲᠤ ᠡᠳ᠋ ᠫᠠᠨᠽᠠᠯᠠᠬᠤ》 ᠬᠠᠤᠯᠢ᠎ᠠᠴᠠ ᠵᠥᠷᠢᠴᠡᠭᠰᠡᠨ ᠶᠠᠯᠠᠲᠤ ᠬᠡᠷᠡᠭ᠎ᠢ 3 ᠢᠯᠡᠷᠡᠭᠦᠯᠵᠦ᠂ ᠬᠠᠤᠯᠢ᠎ᠠᠴᠠ ᠵᠥᠷᠢᠴᠡᠭᠰᠡᠨ ᠶᠠᠯ᠎ᠠ ᠬᠢᠭᠰᠡᠨ ᠰᠡᠵᠢᠭᠳᠡᠨ᠎ᠢ 5 ᠪᠠᠷᠢᠪᠴᠢᠯᠠᠪᠠ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ