ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠪᠠᠭ᠋ᠠᠷᠢᠨ ᠵᠡᠭᠦᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠣᠭᠲᠠᠭ᠋ᠠᠯ᠎ᠠᠴᠠ ᠵᠥᠷᠢᠴᠡᠨ ᠲᠡᠷᠭᠡ ᠵᠣᠭᠰᠣᠭ᠋ᠠᠭᠰᠠᠨ᠎ᠢ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2024-12-31

      ᠣᠶ᠋ᠢᠷ᠎ᠠ ᠵᠢᠨ ᠡᠳᠦᠷ᠎ᠤᠳ᠎ᠲᠤ᠂ ᠬᠠᠷᠢᠶᠠᠲᠤ ᠣᠷᠣᠨ᠎ᠤ ᠵᠠᠮ ᠳᠡᠭᠡᠷ᠎ᠡ ᠲᠡᠷᠭᠡ ᠵᠣᠭᠰᠣᠬᠤ ᠡᠮᠬᠢ ᠳᠢᠭᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠥᠯᠥᠭᠡ᠂ ᠤᠯᠠᠭ᠋ᠠᠨᠬᠠᠳᠠ ᠬᠤᠲᠠ ᠵᠢᠨ ᠪᠠᠭ᠋ᠠᠷᠢᠨ ᠵᠡᠭᠦᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠬᠤᠳᠠᠯᠳᠤᠭ᠋ᠠᠨ᠎ᠤ ᠫᠦᠰᠡ ᠵᠢᠨ ᠲᠥᠪᠯᠡᠷᠡᠭᠰᠡᠨ ᠭᠠᠵᠠᠷ᠂ ᠲᠡᠷᠭᠡᠨ᠎ᠤ ᠴᠤᠪᠤᠷᠠᠯ᠎ᠤᠨ ᠬᠡᠮᠵᠢᠶ᠎ᠡ ᠨᠡᠯᠢᠶᠡᠳ ᠶᠡᠭᠡ ᠵᠠᠮ᠎ᠤᠨ ᠬᠡᠰᠡᠭ ᠵᠡᠷᠭᠡ ᠭᠠᠵᠠᠷ ᠵᠶ᠋ᠠᠷ ᠭᠤᠤᠯᠳᠠᠯᠭ᠎ᠠ᠎ᠲᠠᠢ ᠮᠠᠰᠢᠨᠲᠤ ᠲᠡᠷᠭᠡ ᠵᠢ ᠳᠤᠷ᠎ᠠ᠎ᠪᠠᠷ ᠵᠶ᠋ᠠᠨ ᠵᠣᠭᠰᠣᠭ᠋ᠠᠬᠤ ᠪᠠᠢ᠌ᠳᠠᠯ᠎ᠳᠤ ᠬᠠᠨᠳᠤᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠵᠢᠨ ᠬᠠᠮᠲᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠵᠦ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠲᠣᠭᠲᠠᠭ᠋ᠠᠯ ᠶᠣᠰᠣᠭ᠋ᠠᠷ ᠲᠡᠷᠭᠡ ᠵᠣᠭᠰᠣᠭ᠋ᠠᠬᠤ ᠤᠬᠠᠮᠰᠠᠷ᠎ᠢ ᠳᠡᠭᠡᠭᠰᠢᠯᠡᠭᠦᠯᠪᠡ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ