ᠳᠥᠷᠪᠡᠳᠡᠬᠢ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠤᠨ ᠡᠳᠦᠷ ᠵᠢᠴᠢ 38 ᠳ᠋ᠤᠭ᠋ᠠᠷ 《110 ᠤᠬᠠᠭᠤᠯᠭ᠎ᠠ ᠵᠢᠨ ᠡᠳᠦᠷ》 ᠬᠦᠷᠴᠦ ᠢᠷᠡᠬᠦ ᠲᠠᠰᠢᠷᠠᠮ ᠵᠶ᠋ᠠᠷ᠂ ᠰᠢᠯᠢ ᠵᠢᠨ ᠭᠣᠤᠯ ᠠᠶ᠋ᠢᠮᠠᠭ᠎ᠤᠨ ᠲᠠᠢ᠌ᠹᠦᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ 《ᠬᠦᠴᠢᠷ᠎ᠢ ᠲᠡᠰᠪᠦᠷᠢᠯᠡᠨ ᠪᠡᠶ᠎ᠡ᠎ᠪᠠᠨ ᠴᠢᠩᠭ᠋ᠠᠯᠠᠵᠤ᠂ ᠨᠢᠭᠡ ᠰᠡᠳᠬᠢᠯ ᠵᠶ᠋ᠠᠷ ᠠᠷᠠᠳ᠎ᠤᠨ ᠠᠮᠤᠷ᠎ᠢ ᠬᠠᠮᠠᠭ᠋ᠠᠯᠠᠬᠤ》᠎ᠪᠠᠷ ᠭᠣᠤᠯ ᠰᠡᠳᠦᠪᠲᠦ ᠲᠥᠪᠯᠡᠷᠡᠩᠭᠦᠶ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠥᠳᠡᠭᠡ ᠲᠣᠰᠬᠣᠨ᠂ ᠮᠠᠯᠵᠢᠬᠤ ᠣᠷᠣᠨ᠎ᠳᠤ ᠭᠦᠨᠵᠡᠭᠡᠶ᠋ᠢᠷᠡᠵᠦ᠂ ᠣᠯᠠᠨ ᠲᠦᠮᠡᠨ᠎ᠳᠤ ᠤᠶᠤᠨᠲᠤ ᠳᠣᠲᠣᠭ᠋ᠠᠳᠤ ᠵᠢ ᠬᠠᠮᠠᠭ᠋ᠠᠯᠠᠬᠤ 110 ᠪᠠᠶ᠋ᠢᠭᠤᠯᠤᠯᠲᠠ ᠵᠢᠨ ᠪᠠᠶ᠋ᠢᠳᠠᠯ᠎ᠢ ᠲᠠᠨᠢᠯᠴᠠᠭᠤᠯᠵᠤ᠂ ᠮᠡᠬᠡᠯᠡᠯ᠎ᠢ ᠡᠰᠡᠷᠭᠦᠴᠡᠬᠦ ᠰᠡᠷᠭᠡᠶ᠋ᠢᠯᠡᠬᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠰᠦᠷᠳᠡᠭᠦᠯᠦᠯ᠎ᠢ ᠡᠰᠡᠷᠭᠦᠴᠡᠬᠦ ᠬᠦᠴᠦᠷᠬᠡᠭᠯᠡᠯ᠎ᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠮᠡᠳᠡᠯᠭᠡ ᠪᠠ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠵᠤ᠂ ᠣᠯᠠᠨ ᠲᠦᠮᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠪᠡ᠃