2001 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠮᠠᠨ᠎ᠤ ᠤᠯᠤᠰ᠎ᠤᠨ ᠤᠳᠤ ᠵᠢᠨ ᠬᠡᠷᠡᠭᠵᠢᠭᠦᠯᠵᠦ ᠪᠠᠶ᠋ᠢᠭ᠎ᠠ ᠦᠨᠳᠦᠰᠦᠨ ᠬᠠᠤᠯᠢ ᠵᠢ ᠬᠡᠷᠡᠭᠵᠢᠭᠦᠯᠬᠦ ᠡᠳᠦᠷ 12 ᠰᠠᠷ᠎ᠠ ᠵᠢᠨ 4᠎ᠤ ᠡᠳᠦᠷ᠎ᠢ ᠪᠦᠬᠦ ᠤᠯᠤᠰ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠡᠳᠦᠷ ᠪᠣᠯᠭ᠋ᠠᠪᠠ᠂ ᠡᠨᠡ ᠡᠳᠦᠷ ᠬᠡᠰᠡᠭ ᠤᠯᠠᠨ ᠲᠦᠮᠡᠨ ᠰᠢᠭᠦᠬᠦ ᠬᠣᠷᠢᠶᠠᠨ᠎ᠳᠤ ᠣᠷᠣᠵᠤ ᠲᠣᠭᠣᠷᠢᠨ ᠦᠵᠡᠵᠦ ᠪᠣᠯᠤᠨ᠎ᠠ᠃
ᠡᠨᠡ ᠵᠢᠯ᠎ᠤᠨ 12 ᠰᠠᠷ᠎ᠠ ᠵᠢᠨ 4᠎ᠤ ᠡᠳᠦᠷ ᠪᠣᠯ ᠠᠷᠪᠠᠨ ᠨᠢᠭᠡᠳᠦᠭᠡᠷ ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠬᠠᠤᠯᠢ ᠲᠦᠷᠢᠮ᠎ᠤᠨ ᠤᠬᠠᠭᠤᠯᠭ᠎ᠠ ᠵᠢᠨ ᠡᠳᠦᠷ ᠪᠣᠯᠤᠨ᠎ᠠ᠂ ᠠᠵᠢᠯᠯᠠᠭ᠎ᠠ᠎ᠨᠢ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢ ᠠᠬᠢᠭᠤᠯᠬᠤ》᠎ᠪᠠᠷ ᠭᠤᠤᠯ ᠰᠡᠳᠦᠪ ᠪᠣᠯᠭ᠋ᠠᠵᠠᠶ᠃
ᠦᠨᠳᠦᠰᠦᠨ ᠬᠠᠤᠯᠢ᠎ᠨᠢ ᠤᠯᠤᠰ᠎ᠤᠨ ᠦᠨᠳᠦᠰᠦ ᠪᠣᠯᠬᠤ ᠶᠡᠬᠡ ᠬᠠᠤᠯᠢ ᠪᠣᠯᠤᠭᠰᠠᠨ᠎ᠤ ᠬᠤᠪᠢ᠎ᠳᠤ᠂ ᠲᠡᠭᠦᠨ᠎ᠤ ᠲᠣᠭᠲᠠᠭ᠋ᠠᠭᠰᠠᠨ ᠠᠭᠤᠯᠭ᠎ᠠ ᠵᠢᠨ ᠣᠯᠠᠩᠬᠢ᠎ᠨᠢ ᠵᠠᠷᠴᠢᠮᠲᠤ ᠴᠢᠨᠠᠷ ᠪᠠ ᠬᠥᠲᠥᠯᠪᠦᠷᠢ ᠵᠢᠨ ᠴᠢᠨᠠᠷᠲᠠᠢ᠂ ᠪᠣᠳᠠᠲᠠᠶ ᠠᠮᠢᠳᠤᠷᠠᠯ᠎ᠤᠨ ᠨᠠᠷᠢᠨ ᠵᠦᠢ᠍ᠯᠡᠰ᠎ᠲᠠᠢ ᠰᠢᠭᠤᠳ ᠬᠣᠯᠪᠣᠭᠳᠠᠬᠤ ᠦᠭᠡᠶ᠃ ᠭᠡᠲᠡᠯ᠎ᠡ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠪᠠ ᠵᠠᠷᠴᠢᠮ᠎ᠨᠢ ᠮᠠᠨ᠎ᠤ ᠤᠯᠤᠰ᠎ᠤᠨ ᠪᠦᠬᠦᠶ᠋ᠢᠯᠡ ᠬᠠᠤᠯᠢ ᠴᠠᠭ᠋ᠠᠵᠠ ᠵᠢᠨ ᠰᠢᠰᠲ᠋ᠧᠮ᠎ᠳᠤ ᠲᠤᠭᠤᠰᠢᠯᠠᠭᠳᠠᠵᠤ᠂ ᠪᠤᠰᠤᠳ ᠪᠣᠳᠠᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠶ᠋ᠠᠷ ᠳᠠᠮᠵᠢᠭᠤᠯᠤᠨ ᠮᠠᠨ᠎ᠤ ᠠᠮᠢᠳᠤᠷᠠᠯ᠎ᠤᠨ ᠡᠯ᠎ᠡ ᠲᠠᠯ᠎ᠠ ᠵᠢ ᠢᠯᠡᠷᠡᠭᠦᠯᠦᠨ ᠨᠠᠶ᠋ᠢᠳᠠᠪᠤᠷᠢᠵᠢᠭᠤᠯᠵᠤ ᠪᠠᠶ᠋ᠢᠳᠠᠭ᠃
12 ᠰᠠᠷ᠎ᠠ᠎ᠳᠤ᠂ ᠠᠯᠢ ᠣᠯᠠᠨ ᠰᠢᠨ᠎ᠡ ᠬᠠᠤᠯᠢ ᠲᠣᠭᠲᠠᠭ᠋ᠠᠯ ᠡᠬᠢᠯᠡᠨ ᠬᠡᠷᠡᠭᠵᠢᠭᠦᠯᠦᠭᠳᠡᠵᠦ᠂ ᠭᠠᠶ᠋ᠢᠯᠢ ᠲᠠᠲᠠᠪᠤᠷᠢ ᠵᠢᠨ ᠬᠠᠤᠯᠢ ᠲᠣᠭᠲᠠᠭ᠋ᠠᠯᠲᠠ᠂ ᠣᠷᠣᠨ ᠰᠠᠭᠤᠴᠠ ᠵᠢᠨ ᠠᠷᠠᠯᠵᠢᠶ᠎ᠠ᠂ ᠣᠷᠴᠢᠨ ᠠᠬᠤᠶ ᠵᠢᠨ ᠬᠠᠮᠠᠭ᠋ᠠᠯᠠᠯᠲᠠ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠡᠷᠭᠡ ᠣᠯᠠᠨ ᠬᠦᠷᠢᠶᠡᠨ᠎ᠳᠤ ᠬᠣᠯᠪᠣᠭᠳᠠᠵᠠᠶ᠂ ᠡᠲᠡᠭᠡᠷ ᠰᠢᠨ᠎ᠡ ᠬᠤᠪᠢᠷᠠᠯᠲᠠ ᠵᠢ ᠲᠠ ᠣᠶ᠋ᠢᠯᠠᠭ᠋ᠠᠨ᠎ᠠ ᠦᠦ? ᠡᠳᠡᠭᠡᠷ ᠬᠠᠤᠯᠢ ᠳᠦᠷᠢᠮ᠎ᠨᠢ ᠴᠢ ᠪᠢᠳᠡᠨ᠎ᠤ ᠠᠮᠢᠳᠤᠷᠠᠯ᠎ᠢ ᠨᠥᠯᠥᠭᠡᠯᠡᠨ᠎ᠡ᠃
ᠪᠣᠭᠣᠮᠲᠠ ᠵᠢᠨ ᠭᠠᠶ᠋ᠢᠯᠢ ᠵᠢᠨ ᠬᠠᠤᠯᠢ ᠵᠢ ᠵᠢᠩᠬᠢᠨᠢ᠎ᠪᠠᠷ ᠬᠡᠷᠡᠭᠵᠢᠭᠦᠯᠪᠡ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠭᠣᠮᠲᠠ ᠵᠢᠨ ᠭᠠᠶ᠋ᠢᠯᠢ ᠵᠢᠨ ᠬᠠᠤᠯᠢ》 ᠵᠢ 12 ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠵᠦ᠂ ᠲᠣᠰ ᠬᠠᠤᠯᠢ ᠵᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠪᠣᠭᠣᠮᠲᠠ ᠵᠢᠨ ᠭᠠᠶ᠋ᠢᠯᠢ ᠵᠢᠨ ᠲᠦᠷᠢᠮ᠎ᠤᠨ ᠦᠨᠳᠦᠰᠦᠨ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠭᠰᠠᠨ ᠪᠥᠭᠡᠳ ᠬᠤᠪᠢ ᠬᠥᠮᠦᠨ᠎ᠤ ᠵᠦᠶ ᠵᠣᠬᠢᠰᠲᠠᠶ ᠥᠪᠡᠰᠦᠪᠡᠨ ᠬᠡᠷᠡᠭᠯᠡᠬᠦ ᠬᠢᠯᠢ᠎ᠪᠠᠷ ᠣᠷᠣᠭᠤᠯᠬᠤ ᠡᠳ᠋ ᠪᠣᠳᠠᠰ᠎ᠤᠨ ᠭᠠᠶ᠋ᠢᠯᠢ᠎ᠠᠴᠠ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢᠴᠢ ᠭᠠᠶ᠋ᠢᠯᠢ ᠲᠤᠰᠢᠶᠠᠭᠴᠢ ᠭᠠᠶ᠋ᠢᠯᠢ ᠲᠠᠲᠠᠪᠤᠷᠢᠯᠠᠬᠤ ᠵᠦᠢ᠍ᠯᠡᠰ᠎ᠲᠤ ᠤᠨᠳᠤᠤ ᠰᠠᠨᠠᠯ᠎ᠲᠠᠢ ᠪᠠᠶ᠋ᠢᠬᠤ ᠦᠶ᠎ᠡ ᠵᠢᠨ ᠬᠠᠤᠯᠢ ᠴᠠᠭ᠋ᠠᠵᠠ ᠵᠢᠨ ᠠᠷᠭ᠎ᠠ ᠵᠠᠮ᠎ᠢ ᠲᠣᠳᠣᠷᠬᠠᠶ ᠲᠣᠭᠲᠠᠭ᠋ᠠᠵᠠᠶ᠃
ᠣᠷᠣᠨ ᠰᠠᠭᠤᠴᠠ ᠵᠢᠨ ᠠᠷᠠᠯᠵᠢᠶᠠᠨ᠎ᠤ ᠭᠡᠷ᠎ᠡ ᠵᠢᠨ ᠭᠠᠶ᠋ᠢᠯᠢ ᠵᠢ ᠲᠣᠬᠢᠷᠠᠭᠤᠯᠪᠠ
ᠡᠳ᠋᠎ᠤᠨ ᠵᠠᠰᠠᠭ᠎ᠤᠨ ᠶᠠᠮᠤᠨ᠂ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠬᠠᠮᠲᠤᠷᠠᠨ ᠨᠡᠶ᠋ᠢᠲᠡᠯᠡᠭᠰᠡᠨ 《ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠣᠯᠪᠣᠭᠳᠠᠯ ᠪᠥᠬᠥᠶ ᠭᠠᠶ᠋ᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠶ ᠠᠯᠪᠠᠨ ᠵᠠᠷ》᠎ᠢ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠰᠢᠨ᠎ᠡ ᠲᠥᠷᠥ ᠵᠢᠨ ᠪᠣᠳᠣᠯᠭ᠎ᠠ᠎ᠳᠤ ᠭᠡᠷ᠎ᠡ ᠵᠢᠨ ᠭᠠᠶ᠋ᠢᠯᠢ᠎ᠳᠤ ᠲᠣᠬᠢᠷᠠᠭᠤᠯᠤᠯᠲᠠ ᠬᠢᠵᠦ᠂ ᠬᠤᠪᠢ ᠬᠥᠮᠦᠨ᠎ᠤ ᠬᠤᠳᠠᠯᠳᠤᠨ ᠠᠪᠤᠭᠰᠠᠨ ᠬᠡᠷ ᠪᠦᠯᠢ ᠵᠢᠨ ᠴᠣᠷ᠎ᠤᠨ ᠭᠠᠭᠴᠠ ᠣᠷᠣᠨ ᠰᠠᠭᠤᠴᠠ ᠪᠠ ᠬᠡᠷ ᠪᠦᠯᠢ ᠵᠢᠨ ᠬᠣᠶᠠᠳᠤᠭ᠋ᠠᠷ ᠣᠷᠣᠨ ᠰᠠᠭᠤᠴᠠ ᠵᠢᠨ ᠲᠠᠯᠠᠪᠠᠶ᠎ᠨᠢ 140 ᠲᠡᠭᠰᠢ ᠳᠥᠷᠪᠡᠯᠵᠢᠨ ᠮᠧᠲᠷ᠎ᠠᠴᠠ ᠬᠡᠲᠦᠷᠡᠬᠦ ᠥᠬᠡᠶ ᠯᠡ ᠶᠤᠮ ᠪᠣᠯ ᠨᠢᠭᠡᠳᠦᠯᠲᠡᠶ᠎ᠪᠠᠷ 1 % ᠵᠢᠨ ᠭᠠᠶ᠋ᠢᠯᠢ ᠵᠢᠨ ᠨᠣᠷᠮ᠎ᠠ᠎ᠪᠠᠷ ᠭᠡᠷ᠎ᠡ ᠵᠢᠨ ᠭᠠᠶ᠋ᠢᠯᠢ ᠲᠤᠰᠢᠶᠠᠨ᠎ᠠ᠂ ᠡᠨᠡ ᠬᠦ᠌ ᠲᠥᠷᠥ ᠵᠢᠨ ᠪᠣᠳᠣᠯᠭ᠎ᠠ᠎ᠨᠢ ᠬᠡᠷ ᠬᠤᠳᠠᠯᠳᠤᠨ ᠠᠪᠤᠭᠴᠢ ᠵᠢᠨ ᠭᠠᠶ᠋ᠢᠯᠢ ᠵᠢᠨ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠬᠦ ᠪᠣᠯᠤᠨ᠎ᠠ᠃
ᠲᠣᠭ᠋ᠠᠴᠢᠯᠠᠭᠰᠠᠨ ᠡᠯᠧᠺᠲᠷᠣᠨ ᠪᠠᠷᠢᠮᠲᠠ ᠵᠢ ᠪᠦᠬᠦ ᠤᠯᠤᠰ᠎ᠲᠤ ᠳᠡᠯᠭᠡᠷᠡᠭᠦᠯᠪᠡ
ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ 12 ᠰᠠᠷ᠎ᠠ ᠵᠢᠨ 1᠎ᠤ ᠡᠳᠦᠷ᠎ᠠᠴᠠ ᠡᠬᠢᠯᠡᠨ ᠲᠣᠭ᠋ᠠᠴᠢᠯᠠᠭᠰᠠᠨ ᠡᠯᠧᠺᠲᠷᠣᠨ ᠪᠠᠷᠢᠮᠲᠠ ᠵᠢ ᠪᠥᠬᠥ ᠤᠯᠤᠰ᠎ᠲᠤ ᠵᠢᠩᠬᠢᠨᠢ᠎ᠪᠠᠷ ᠳᠡᠯᠭᠡᠷᠡᠭᠦᠯᠦᠨ ᠬᠡᠷᠡᠭᠯᠡᠬᠦ᠎ᠪᠠᠷ ᠲᠣᠭᠲᠠᠭ᠋ᠠᠪᠠ᠃ ᠤᠯᠠᠮᠵᠢᠯᠠᠯᠲᠤ ᠬᠠᠭᠤᠷᠮᠠᠭ᠎ᠢ ᠰᠡᠷᠭᠡᠶ᠋ᠢᠯᠡᠬᠦ ᠭᠠᠶ᠋ᠢᠯᠢ ᠵᠢᠨ ᠪᠠᠷᠢᠮᠲᠠ᠎ᠯᠤᠭ᠎ᠠ ᠬᠠᠷᠢᠴᠠᠭᠤᠯᠪᠠᠯ᠂ ᠲᠣᠭ᠋ᠠᠴᠢᠯᠠᠭᠰᠠᠨ ᠴᠠᠬᠢᠯᠭ᠋ᠠᠨ ᠪᠠᠷᠢᠮᠲᠠ᠎ᠨᠢ ᠨᠠᠩ ᠳᠥᠭᠥᠮ ᠳᠥᠲᠡ᠂ ᠥᠨᠳᠥᠷ ᠪᠦᠲᠦᠮᠵᠢᠲᠡᠶ ᠪᠣᠯᠵᠣ᠂ ᠭᠠᠶ᠋ᠢᠯᠢ ᠵᠢᠨ ᠶᠠᠪᠤᠳᠠᠯ᠎ᠤᠨ ᠬᠠᠮᠢᠶᠠᠷᠤᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ᠎ᠳᠤ ᠠᠰᠢᠭᠲᠠᠶ ᠶᠤᠮ᠃
ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠶᠠᠨᠴᠢᠳ᠎ᠤᠨ ᠲᠡᠭᠡᠭᠡᠪᠦᠷᠢ ᠵᠢᠨ ᠦᠢ᠍ᠯᠡᠴᠢᠯᠡᠭᠡ ᠪᠥᠬᠥ ᠲᠠᠯ᠎ᠠ ᠵᠢᠨ ᠲᠣᠭ᠋ᠠᠴᠢᠯᠠᠭᠰᠠᠨ ᠡᠯᠧᠺᠲᠷᠣᠨ ᠪᠠᠷᠢᠮᠲᠠ ᠵᠢ ᠳᠡᠯᠭᠡᠷᠡᠭᠦᠯᠪᠡ
12 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠮᠠᠨ᠎ᠤ ᠤᠯᠤᠰ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠶᠠᠨᠴᠢᠳ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠪᠥᠬᠥ ᠲᠠᠯ᠎ᠠ ᠵᠢᠨ ᠲᠣᠭ᠋ᠠᠴᠢᠯᠠᠭᠰᠠᠨ ᠡᠯᠧᠺᠲᠷᠣᠨ ᠪᠠᠷᠢᠮᠲᠠ ᠵᠢ ᠳᠡᠯᠭᠡᠷᠡᠭᠦᠯᠦᠨ ᠬᠡᠷᠡᠭᠯᠡᠨ᠎ᠡ᠃ ᠠᠭ᠋ᠠᠷ᠎ᠤᠨ ᠲᠡᠭᠡᠭᠡᠪᠦᠷᠢ ᠵᠢᠨ ᠡᠯᠧᠺᠲᠷᠣᠨ ᠲᠡᠷᠭᠡᠨ ᠪᠢᠯᠧᠲ᠎ᠤᠨ ᠠᠶᠠᠯᠠᠯ᠎ᠤᠨ ᠬᠠᠭᠤᠳᠠᠰᠤ᠎ᠨᠢ ᠠᠶᠠᠨᠴᠢᠳ᠎ᠤᠨ ᠭᠠᠳᠠᠭᠰᠢ ᠭᠠᠷᠬᠤ ᠪᠠ ᠪᠠᠢ᠌ᠭᠤᠯᠭ᠎ᠠ ᠨᠢᠭᠡᠴᠢ ᠵᠢᠨ ᠲᠠᠩᠰᠠ ᠲᠠᠶ᠋ᠢᠯᠬᠤ᠎ᠳᠤ ᠤᠯᠠᠮ ᠨᠢᠭᠡ ᠠᠯᠬᠤᠮ ᠲᠥᠬᠥᠮ ᠦᠵᠡᠭᠦᠯᠬᠦ ᠪᠣᠯᠤᠨ᠎ᠠ᠃
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠶᠠᠷ ᠬᠡᠷᠡᠭᠴᠡᠭᠡᠲᠦ ᠪᠣᠳᠠᠰ᠎ᠢ ᠭᠠᠳᠠᠭ᠋ᠠᠳᠤ ᠳᠤ ᠭᠠᠷᠭ᠋ᠠᠬᠤ ᠵᠢ ᠵᠠᠬᠢᠷᠤᠨ ᠬᠠᠮᠢᠶᠠᠷᠬᠤ ᠳᠥᠷᠢᠮ》
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠶᠠᠷ ᠬᠡᠷᠡᠭᠴᠡᠭᠡᠲᠦ ᠪᠣᠳᠠᠰ᠎ᠢ ᠭᠠᠳᠠᠭ᠋ᠠᠳᠤ᠎ᠳᠤ ᠭᠠᠷᠭ᠋ᠠᠬᠤ ᠵᠢ ᠵᠠᠬᠢᠷᠤᠨ ᠬᠠᠮᠢᠶᠠᠷᠬᠤ ᠲᠦᠷᠢᠮ》᠎ᠢ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠢᠮ᠎ᠳᠤ᠂ ᠢᠷᠭᠡᠨ᠎ᠤ ᠬᠡᠷᠡᠭ᠎ᠤᠨ ᠬᠡᠷᠡᠭᠴᠡᠭᠡ᠎ᠲᠠᠢ ᠮᠥᠷᠲᠡᠭᠡᠨ ᠪᠠᠰᠠ ᠴᠡᠷᠢᠭ᠎ᠤᠨ ᠶᠠᠪᠤᠳᠠᠯ᠎ᠤᠨ ᠬᠡᠷᠡᠭᠴᠡᠭᠡ᠎ᠲᠠᠢ᠂ ᠡᠰᠡᠬᠦᠯ᠎ᠡ ᠴᠡᠷᠢᠭ᠎ᠤᠨ ᠶᠠᠪᠤᠳᠠᠯ᠎ᠤᠨ ᠳᠠᠯᠳᠠ ᠬᠦᠴᠦᠨ᠎ᠢ ᠳᠡᠭᠡᠭᠰᠢᠯᠡᠭᠦᠯᠬᠦ᠎ᠳᠤ ᠠᠰᠢᠭᠲᠠᠶ ᠪᠠᠷᠠᠭ᠋ᠠᠨ᠎ᠤ ᠮᠡᠷᠭᠡᠵᠢᠯ ᠪᠠ ᠦᠢ᠍ᠯᠡᠴᠢᠯᠡᠭᠡ ᠵᠢ ᠲᠣᠳᠣᠷᠬᠠᠶ᠋ᠢᠯᠠᠪᠠ᠂ ᠢᠯᠠᠩᠭᠤᠶ᠎ᠠ ᠶᠡᠬᠡ ᠬᠡᠪᠴᠢᠶᠡᠨ᠎ᠤ ᠠᠯᠠᠵᠤ ᠰᠢᠷᠬᠠᠲᠤᠭᠤᠯᠬᠤ ᠵᠡᠪᠰᠡᠭ ᠵᠢᠴᠢ ᠠᠴᠢᠬᠤ ᠪᠠᠭ᠋ᠠᠵᠢ ᠬᠡᠷᠡᠭᠰᠡᠯ᠎ᠢ ᠵᠢᠷᠤᠵᠤ ᠲᠥᠯᠥᠪᠯᠡᠬᠦ᠂ ᠨᠡᠭᠡᠭᠡᠨ ᠬᠥᠭᠵᠢᠭᠦᠯᠬᠦ᠂ ᠦᠢ᠍ᠯᠡᠳᠪᠦᠷᠢᠯᠡᠬᠦ ᠪᠤᠶᠤ ᠬᠡᠷᠡᠭᠯᠡᠬᠦ ᠵᠦᠢ᠍ᠯᠡᠰ ᠪᠣᠯᠤᠨ᠎ᠠ᠃ ᠲᠤᠰ ᠲᠦᠷᠢᠮ᠎ᠢ ᠬᠡᠷᠡᠭᠵᠢᠭᠦᠯᠦᠭᠰᠡᠨ᠎ᠨᠢ ᠤᠯᠤᠰ᠎ᠤᠨ ᠠᠮᠤᠷ ᠲᠦᠪᠰᠢᠨ ᠪᠠ ᠠᠰᠢᠭ ᠲᠤᠰᠠ ᠵᠢ ᠬᠠᠮᠠᠭ᠋ᠠᠯᠠᠬᠤ᠂ ᠲᠠᠷᠬᠠᠨ ᠳᠡᠯᠭᠡᠷᠡᠬᠦ ᠵᠢ ᠰᠡᠷᠭᠡᠶ᠋ᠢᠯᠡᠬᠦ ᠵᠡᠷᠭᠡ ᠤᠯᠠᠨ ᠤᠯᠤᠰ᠎ᠤᠨ ᠡᠭᠦᠷᠭᠡ ᠵᠢ ᠭᠦᠢ᠍ᠴᠡᠳᠬᠡᠬᠦ᠎ᠳᠤ ᠠᠰᠢᠭᠲᠠᠢ ᠪᠥᠭᠡᠳ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ ᠰᠠᠭ᠋ᠠᠳ ᠦᠭᠡᠢ ᠨᠡᠪᠲᠡᠷᠡᠬᠦ ᠵᠢ ᠬᠠᠮᠠᠭ᠋ᠠᠯᠠᠬᠤ ᠪᠣᠯᠤᠨ᠎ᠠ᠃
《ᠬᠣᠲᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠦᠷᠢᠮ》
《ᠬᠣᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠳᠦᠷᠢᠮ》 ᠪᠣᠯ ᠮᠠᠨ᠎ᠤ ᠤᠯᠤᠰ᠎ᠤᠨ ᠬᠣᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠬᠦᠷᠢᠶᠡᠨ᠎ᠳᠠᠬᠢ ᠠᠩᠬᠠᠳᠠᠭᠴᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ᠎ᠠ᠂ ᠡᠭᠦᠨ᠎ᠢ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠤᠰ ᠳᠦᠷᠢᠮ᠎ᠤᠨ ᠵᠣᠷᠢᠯᠭ᠎ᠠ ᠪᠣᠯ ᠲᠥᠯᠥᠪᠵᠢᠭᠦᠯᠭᠡ᠂ ᠭᠠᠵᠠᠷ ᠰᠢᠷᠣᠶ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡᠨ ᠵᠡᠷᠭᠡ ᠣᠯᠠᠨ ᠲᠠᠯ᠎ᠠ ᠵᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠬᠣᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠬᠥᠭᠵᠢᠯᠲᠡ ᠵᠢ ᠪᠠᠲᠤᠯᠠᠵᠤ᠂ ᠥᠷᠢᠰᠥᠯᠳᠦᠬᠦ ᠬᠦᠴᠦᠨ ᠪᠣᠯᠤᠨ ᠲᠠᠲᠠᠬᠤ ᠬᠦᠴᠦᠨ᠎ᠢ᠎ᠨᠢ ᠨᠡᠮᠡᠭᠳᠡᠭᠦᠯᠬᠦ ᠶᠠᠪᠤᠳᠠᠯ ᠪᠣᠯᠤᠨ᠎ᠠ᠃ ᠲᠦᠷᠢᠮ᠎ᠳᠤ ᠪᠠᠰᠠ ᠬᠣᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠲᠤᠬᠠᠶ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠬᠤ ᠵᠢᠨ ᠬᠠᠮᠲᠤ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ ᠣᠯᠠᠨ ᠨᠡᠶ᠋ᠢᠲᠡ᠎ᠳᠤ ᠮᠡᠳᠡᠭᠡ ᠵᠠᠩᠭᠢ ᠵᠢᠨ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠨ᠎ᠠ᠃
ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ
12 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠥᠬᠥ ᠤᠯᠤᠰ᠎ᠤᠨ ᠬᠡᠪᠴᠢᠶᠡᠨ᠎ᠳᠤ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ ᠡᠨᠡ ᠬᠦ᠌ ᠥᠭᠡᠷᠡᠴᠢᠯᠡᠯᠲᠡ᠎ᠨᠢ ᠠᠵᠤ ᠠᠬᠤᠶ᠋ᠢᠯᠠᠯ ᠵᠡᠷᠭᠡ ᠨᠡᠶ᠋ᠢᠭᠡᠮ᠎ᠤᠨ ᠭᠤᠤᠯ ᠴᠣᠭᠴᠠ ᠵᠢᠨ ᠤᠰᠤ ᠠᠷᠪᠢᠯᠠᠬᠤ ᠦᠵᠡᠯ ᠤᠬᠠᠮᠰᠠᠷ ᠪᠠ ᠬᠥᠳᠡᠯᠭᠡᠬᠦ ᠬᠦᠴᠦᠨ᠎ᠢ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠤᠰᠤ ᠠᠷᠪᠢᠯᠠᠬᠤ ᠥᠭᠡᠷᠡᠴᠢᠯᠡᠯᠲᠡ ᠪᠠ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠳᠡᠮᠵᠢᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠵᠣᠷᠢᠭᠵᠢᠭᠤᠯᠤᠨ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠡᠷᠭᠢᠯᠳᠦᠭᠦᠯᠦᠨ ᠠᠰᠢᠭᠯᠠᠬᠤ ᠪᠠ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠠᠬᠢᠭᠤᠯᠬᠤ᠎ᠳᠤ ᠠᠰᠢᠭᠲᠠᠶ ᠶᠤᠮ᠃ ᠤᠰᠤᠨ᠎ᠤ ᠡᠬᠢ ᠪᠠᠶᠠᠯᠢᠭ᠎ᠤᠨ ᠭᠠᠶ᠋ᠢᠯᠢ᠎ᠳᠤ ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠵᠢ ᠴᠢᠩᠭ᠋ᠠᠳᠬᠠᠵᠤ᠂ ᠭᠠᠵᠠᠷ ᠣᠷᠣᠨ᠎ᠤ ᠵᠥᠷᠢᠶ᠎ᠡ ᠵᠢ ᠢᠯᠡᠷᠡᠭᠦᠯᠵᠦ᠂ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠪᠠ ᠳᠠᠭ᠋ᠠᠭ᠋ᠠᠴᠠ᠎ᠠᠴᠠ ᠬᠡᠲᠦᠷᠡᠲᠡᠯ᠎ᠡ ᠭᠠᠵᠠᠷ ᠣᠷᠣᠨ᠎ᠠᠴᠠ ᠤᠰᠤ ᠲᠠᠲᠠᠵᠤ ᠬᠡᠷᠡᠭᠯᠡᠬᠦ᠂ ᠭᠠᠵᠠᠷ ᠳᠤᠤᠷᠠᠬᠢ ᠤᠰᠤ ᠵᠢ ᠲᠠᠲᠠᠵᠤ ᠬᠡᠷᠡᠭᠯᠡᠬᠦ ᠵᠡᠷᠭᠡ᠎ᠳᠤ ᠭᠠᠶ᠋ᠢᠯᠢ ᠵᠢᠨ ᠲᠣᠭ᠎ᠠ ᠵᠢ ᠥᠨᠳᠥᠷ ᠲᠣᠭᠲᠠᠭ᠋ᠠᠵᠤ᠂ ᠵᠥᠷᠢᠶᠡᠲᠦ ᠭᠠᠶ᠋ᠢᠯᠢ ᠵᠢᠨ ᠲᠣᠭ᠎ᠠ ᠵᠢ ᠲᠣᠬᠢᠷᠠᠭᠤᠯᠬᠤ᠎ᠪᠠᠷ ᠳᠠᠮᠵᠢᠭᠤᠯᠤᠨ᠂ ᠭᠠᠶ᠋ᠢᠯᠢ ᠲᠠᠲᠠᠪᠤᠷᠢ ᠵᠢᠨ ᠲᠣᠬᠢᠷᠠᠭᠤᠯᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ᠃
《ᠭᠠᠳᠠᠭ᠋ᠠᠳᠤ ᠵᠢᠨ ᠪᠡᠯᠡ ᠣᠷᠣᠭᠤᠯᠤᠭᠴᠢ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ᠎ᠳᠤ ᠪᠠᠶ᠋ᠢᠯᠳᠤᠬᠤ ᠪᠣᠳᠣᠯᠭ᠎ᠠ ᠵᠢᠨ ᠪᠡᠯᠡ ᠣᠷᠣᠭᠤᠯᠬᠤ ᠬᠠᠮᠢᠶᠠᠷᠤᠯᠲᠠ ᠵᠢᠨ ᠠᠷᠭ᠎ᠠ》
《ᠭᠠᠳᠠᠭ᠋ᠠᠳᠤ ᠵᠢᠨ ᠪᠠᠯᠠ ᠣᠷᠣᠭᠤᠯᠤᠭᠴᠢ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ᠎ᠳᠤ ᠪᠠᠶ᠋ᠢᠯᠳᠤᠬᠤ ᠪᠣᠳᠣᠯᠭ᠎ᠠ ᠵᠢᠨ ᠪᠠᠯᠠ ᠣᠷᠣᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》᠎ᠨᠢ ᠪᠠᠶ᠋ᠢᠯᠳᠤᠬᠤ ᠪᠣᠳᠣᠯᠭ᠎ᠠ ᠵᠢᠨ ᠪᠠᠯᠠ ᠣᠷᠣᠭᠤᠯᠤᠯᠲᠠ ᠵᠢᠨ ᠪᠠᠷᠢᠮᠵᠢᠶ᠎ᠠ ᠵᠢ ᠪᠠᠭᠤᠷᠠᠭᠤᠯᠵᠤ᠂ ᠪᠠᠯᠠ ᠣᠷᠣᠭᠤᠯᠤᠯᠲᠠ ᠵᠢᠨ ᠠᠷᠭ᠎ᠠ ᠵᠠᠮ᠎ᠢ ᠥᠷᠭᠡᠳᠬᠡᠭᠰᠡᠨ ᠪᠥᠭᠡᠳ 12 ᠰᠠᠷ᠎ᠠ ᠵᠢᠨ 2᠎ᠤᠨ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠪᠡ᠃ ᠡᠨᠡ ᠬᠦ᠌ ᠠᠷᠭ᠎ᠠ ᠵᠢ ᠬᠡᠷᠡᠭᠵᠢᠭᠦᠯᠬᠦ᠎ᠨᠢ ᠨᠡᠩ ᠤᠯᠠᠨ ᠭᠠᠳᠠᠭ᠋ᠠᠳᠤ ᠵᠢᠨ ᠪᠡᠯᠡ ᠣᠷᠣᠭᠤᠯᠤᠭᠴᠢᠳᠢ ᠳᠤᠮᠳᠠᠳᠤ ᠤᠯᠤᠰ᠎ᠤᠨ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ ᠵᠢᠨ ᠪᠠᠶ᠋ᠢᠯᠳᠤᠬᠤ ᠪᠤᠳᠤᠯᠭ᠎ᠠ ᠵᠢᠨ ᠪᠡᠯᠡ ᠣᠷᠣᠭᠤᠯᠤᠯᠲᠠ᠎ᠳᠤ ᠣᠷᠣᠯᠴᠠᠭᠤᠯᠵᠤ᠂ ᠬᠦᠷᠦᠨᠭᠭᠡ ᠵᠢᠨ ᠵᠠᠬ᠎ᠠ ᠳᠡᠯᠭᠡᠭᠦᠷ᠎ᠤᠨ ᠨᠡᠭᠡᠭᠡᠯᠳᠡ ᠪᠠ ᠳᠡᠯᠡᠬᠡᠶ᠋ᠢᠵᠢᠯᠲᠡ ᠵᠢ ᠠᠬᠢᠭᠤᠯᠬᠤ᠎ᠳᠤ ᠠᠰᠢᠭᠲᠠᠢ ᠶᠤᠮ᠃
《ᠰᠢᠭᠦᠨ ᠲᠠᠰᠤᠯᠤᠯᠲᠠ᠂ ᠲᠣᠭᠲᠠᠭ᠋ᠠᠯᠲᠠ ᠵᠢ ᠭᠦᠢ᠍ᠴᠡᠳᠬᠡᠬᠦ ᠵᠢ ᠲᠡᠪᠴᠢᠭᠰᠡᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠲᠠᠶ᠋ᠢᠯᠪᠤᠷᠢᠯᠠᠯᠲᠠ》
《ᠲᠠᠰᠤᠯᠤᠯᠲᠠ᠂ ᠲᠣᠭᠲᠠᠭ᠋ᠠᠯᠲᠠ ᠵᠢ ᠭᠦᠢ᠍ᠴᠡᠳᠬᠡᠬᠦ ᠵᠢ ᠲᠡᠪᠴᠢᠭᠰᠡᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠡᠷᠡᠭᠯᠡᠬᠦ ᠬᠠᠤᠯᠢ ᠴᠠᠭ᠋ᠠᠵᠠ ᠵᠢᠨ ᠠᠰᠠᠭᠤᠳᠠᠯ᠎ᠤᠳ᠎ᠤᠨ ᠲᠤᠬᠠᠢ ᠲᠠᠶ᠋ᠢᠯᠪᠤᠷᠢᠯᠠᠯᠲᠠ》 ᠵᠢ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠤᠰ ᠲᠠᠶ᠋ᠢᠯᠪᠤᠷᠢᠯᠠᠯᠲᠠ᠎ᠳᠤ 《ᠭᠦᠢ᠍ᠴᠡᠳᠬᠡᠬᠦ ᠴᠢᠳᠠᠪᠤᠷᠢ᠎ᠲᠠᠢ ᠪᠠᠶ᠋ᠢᠭ᠋ᠠᠳ ᠭᠦᠢ᠍ᠴᠡᠳᠬᠡᠬᠦ ᠵᠢ ᠲᠡᠪᠴᠢᠵᠦ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ》 《ᠦᠢ᠍ᠯᠡ ᠪᠠᠶ᠋ᠢᠳᠠᠯ᠎ᠨᠢ ᠣᠨᠴᠠᠭ᠋ᠠᠢ ᠬᠦᠨᠳᠦ ᠨᠣᠴᠢᠲᠠᠢ》 ᠪᠠᠶ᠋ᠢᠳᠠᠯ ᠵᠢᠴᠢ ᠲᠠᠰᠤᠯᠤᠯᠲᠠ᠂ ᠲᠣᠭᠲᠠᠭ᠋ᠠᠯᠲᠠ ᠬᠦᠴᠦᠨ᠎ᠲᠠᠢ ᠪᠣᠯᠬᠤ᠎ᠠᠴᠠ ᠡᠮᠦᠨ᠎ᠡ ᠡᠳ᠋ ᠬᠦᠷᠦᠨᠭᠭᠡ᠎ᠪᠠᠨ ᠨᠢᠭᠤᠨ ᠳᠠᠯᠳᠠᠯᠠᠭᠰᠠᠨ᠂ ᠰᠢᠯᠵᠢᠭᠦᠯᠦᠭᠰᠡᠨ ᠪᠠᠶ᠋ᠢᠪᠠᠯ᠂ ᠲᠠᠰᠤᠯᠤᠯᠲᠠ᠂ ᠲᠣᠭᠲᠠᠭ᠋ᠠᠯᠲᠠ ᠵᠢ ᠭᠦᠢ᠍ᠴᠡᠳᠬᠡᠬᠦ ᠵᠢ ᠲᠡᠪᠴᠢᠭᠰᠡᠨ ᠶᠠᠯ᠎ᠠ ᠪᠤᠯᠵᠤ ᠪᠦᠷᠢᠯᠳᠦᠨ᠎ᠡ ᠭᠡᠵᠦ ᠲᠣᠳᠣᠷᠬᠠᠢ ᠲᠣᠭᠲᠠᠭ᠋ᠠᠵᠠᠢ᠃
《ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ ᠵᠢᠴᠢ ᠬᠣᠯᠪᠣᠭᠳᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠠᠷᠭ᠎ᠠ》
《ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ ᠵᠢᠴᠢ ᠬᠣᠯᠪᠣᠭᠳᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠠᠷᠭ᠎ᠠ》 ᠵᠢ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠣᠰ ᠠᠷᠭ᠎ᠠ᠎ᠳᠤ ᠬᠣᠶᠠᠷ ᠲᠥᠷᠥᠯ᠎ᠤᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠢ ᠲᠣᠳᠣᠷᠬᠠᠶ ᠨᠠᠷᠢᠯᠢᠬ᠍ᠵᠢᠭᠤᠯᠵᠤ᠂ ᠴᠠᠬᠢᠯᠭ᠋ᠠᠨ᠎ᠳᠤ ᠬᠣᠯᠪᠣᠭᠳᠠᠭᠰᠠᠨ ᠮᠡᠬᠡᠯᠡᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠴᠠᠭ᠋ᠠᠵᠠ᠎ᠪᠠᠷ ᠰᠢᠢ᠍ᠳᠬᠡᠬᠦ᠎ᠪᠠᠷ ᠪᠠᠷᠠᠬᠤ ᠥᠬᠡᠶ ᠪᠠᠰᠠ ᠮᠥᠩᠭᠥᠨ ᠭᠦᠢ᠍ᠯᠭᠡᠭᠡ᠂ ᠴᠠᠬᠢᠯᠭ᠋ᠠᠨ ᠬᠣᠯᠪᠣᠭ᠎ᠠ ᠰᠦᠯᠵᠢᠶ᠎ᠡ᠂ ᠢᠲᠡᠭᠡᠮᠵᠢ᠎ᠪᠠᠷ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠬᠡᠷᠡᠭᠲᠡᠶ᠃ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠳᠤ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠪᠠᠩᠬᠢ ᠵᠢᠨ ᠲᠠᠩᠰᠠᠨ ᠡᠷᠦᠬᠡ᠂ ᠲᠣᠭ᠋ᠠᠴᠢᠯᠠᠭᠰᠠᠨ ᠠᠷᠠᠳ᠎ᠤᠨ ᠵᠣᠭᠣᠰ᠎ᠤᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠬᠢᠵᠠᠭ᠋ᠠᠷᠯᠠᠬᠤ ᠪᠠᠭᠲᠠᠨ᠎ᠠ; ᠳ᠋ᠢᠶᠠᠩᠬᠤᠸᠠ ᠵᠢᠨ ᠺᠠᠷᠲ᠂ ᠲᠣᠭᠲᠠᠮᠠᠯ ᠳ᠋ᠢᠶᠠᠩᠬᠤᠸᠠ᠂ ᠴᠠᠬᠢᠯᠭ᠋ᠠᠨ ᠬᠣᠯᠪᠣᠭ᠋ᠠᠨ᠎ᠤ ᠱᠤᠭᠤᠮ ᠵᠡᠷᠭᠡ ᠲᠤᠬᠠᠶ᠋ᠢᠯᠠᠭᠰᠠᠨ ᠠᠵᠢᠯ᠎ᠢ ᠳᠠᠩᠰᠠᠯᠠᠭᠤᠯᠬᠤ ᠪᠠ ᠬᠡᠷᠡᠭᠯᠡᠬᠦ; ᠬᠦᠨᠳᠦ ᠨᠣᠴᠢᠲᠠᠶ ᠢᠲᠡᠭᠡᠮᠵᠢ ᠠᠯᠳᠠᠭᠰᠠᠨ ᠭᠤᠤᠯ ᠴᠣᠭᠴᠠ ᠵᠢ ᠬᠦᠨᠳᠦ ᠨᠣᠴᠢᠲᠠᠶ ᠢᠲᠡᠭᠡᠮᠵᠢ ᠠᠯᠳᠠᠭᠰᠠᠳ᠎ᠤᠨ ᠨᠡᠷᠡᠰ᠎ᠲᠤ ᠣᠷᠣᠭᠤᠯᠬᠤ ᠵᠢᠨ ᠬᠠᠮᠲᠤ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠢᠲᠡᠭᠡᠮᠵᠢ ᠵᠢᠨ ᠮᠡᠳᠡᠭᠡ ᠵᠠᠩᠭᠢ ᠵᠡᠷᠭᠡ ᠵᠢ ᠲᠡᠮᠳᠡᠭᠯᠡᠨ᠎ᠡ᠃