ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠬᠠᠤᠯᠢ ᠴᠠᠭ᠋ᠠᠵᠠ ᠵᠢᠨ ᠨᠡᠶ᠋ᠢᠲᠡ ᠵᠢᠨ ᠢᠲᠡᠭᠡᠮᠵᠢ ᠵᠢ ᠪᠠᠢ᠌ᠭᠤᠯᠵᠤ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2024-05-15

     ᠤᠢ᠍ᠢ᠍ᠷ᠎ᠠ ᠵᠢᠨ ᠬᠤᠭᠤᠴᠠᠭ᠋ᠠᠨ᠎ᠳᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠭᠡᠬᠦ ᠪᠣᠬᠢᠷᠲᠤᠯ ᠦᠭᠡᠶ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ᠂ ᠤᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠤᠯᠠᠭ᠋ᠠᠨᠬᠠᠳᠠ ᠬᠤᠳᠠ ᠵᠢᠨ ᠬᠡᠰᠢᠭᠲᠡᠨ ᠬᠣᠰᠢᠭᠤᠨ᠎ᠤ ᠪᠠᠶᠠᠠᠤᠪᠤᠭ᠎ᠠ ᠵᠢᠨ ᠤᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ 《ᠨᠠᠮ᠎ᠤᠨ ᠲᠤᠬ᠎ᠢ ᠡᠯᠡᠰᠦᠷᠬᠡᠭ ᠭᠠᠵᠠᠷ᠎ᠲᠤ ᠥᠨᠳᠥᠷ ᠨᠠᠮᠢᠷᠠᠭᠤᠯᠵᠤ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠬᠦ》 ᠠᠵᠢᠯᠯᠠᠭ᠎ᠠ ᠥᠷᠨᠢᠭᠦᠯᠵᠦ᠂ ᠥᠪᠡᠷ᠎ᠤᠨ ᠲᠤᠬᠠᠶ᠋ᠢᠯᠠᠭᠰᠠᠨ ᠠᠵᠢᠯ᠎ᠤᠨ ᠤᠷ᠎ᠠ ᠮᠡᠷᠭᠡᠵᠢᠯ᠎ᠤᠨ ᠳᠠᠪᠠᠭᠤᠯᠢᠭ ᠵᠶ᠋ᠠᠨ ᠠᠰᠢᠭᠯᠠᠵᠤ᠂ ᠪᠦᠬᠦ ᠶᠠᠪᠤᠴᠠ᠎ᠳᠤ ᠪᠦᠬᠦ ᠲᠠᠯ᠎ᠠ᠎ᠪᠠᠷ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠬᠦ᠎ᠳᠤ ᠮᠡᠷᠭᠡᠵᠢᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠪᠡ᠃

webwxgetmsgimg (1).jpg


      ᠣᠶ᠋ᠢᠵᠢᠭᠤᠯᠵᠤ ᠨᠣᠭᠣᠭ᠋ᠠᠷᠠᠭᠤᠯᠬᠤ ᠪᠣᠯ ᠤᠳᠤ ᠦᠶ᠎ᠡ᠎ᠳᠤ ᠭᠠᠪᠢᠶ᠎ᠠ᠎ᠲᠠᠢ᠂ ᠥᠨᠢ ᠡᠭᠦᠷᠢᠳᠡ ᠠᠰᠢᠭ ᠲᠤᠰᠠ᠎ᠲᠠᠢ᠂ ᠦᠷ᠎ᠡ ᠬᠣᠶ᠋ᠢᠴᠢᠰ᠎ᠲᠤ᠎ᠪᠠᠨ ᠠᠰᠢᠭ ᠬᠦᠷᠲᠡᠭᠡᠬᠦ ᠶᠡᠬᠡ ᠶᠠᠪᠤᠳᠠᠯ ᠮᠥᠨ᠃ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠶ ᠠᠯᠳᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠳᠡᠷᠭᠡᠳᠡᠬᠢ ᠬᠥᠮᠦᠰ ᠵᠶ᠋ᠠᠨ ᠡᠬᠡ ᠪᠠᠢ᠌ᠭ᠋ᠠᠯᠢ ᠵᠢ ᠬᠠᠢ᠌ᠷᠠᠯᠠᠵᠤ ᠬᠠᠮᠠᠭ᠋ᠠᠯᠠᠬᠤ ᠵᠢ ᠤᠷᠢᠶᠠᠯᠠᠪᠠ᠃

webwxgetmsgimg (2).jpg


      ᠳᠠᠷᠠᠭ᠋ᠠᠴᠢ ᠵᠢᠨ ᠠᠯᠬᠤᠮ᠎ᠳᠤ᠂ ᠪᠠᠶᠠᠠᠤᠪᠤᠭ᠎ᠠ ᠵᠢᠨ ᠤᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠦᠷᠭᠦᠯᠵᠢᠯᠡᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ ᠰᠢᠨ᠎ᠡ ᠠᠶᠠᠨ᠎ᠤ ᠢᠯᠠᠯᠲᠠ ᠵᠢ ᠤᠯᠬᠤ᠎ᠳᠤ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠬᠦ ᠬᠦᠴᠦᠨ ᠵᠶ᠋ᠠᠷ ᠵᠶ᠋ᠠᠨ ᠪᠡᠬᠢᠵᠢᠭᠦᠯᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ