ᠦᠨᠳᠦᠰᠦᠨ ᠱᠠᠲᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠤᠢ᠌ᠯᠠᠭ᠋ᠠᠵᠦ ᠡᠵᠡᠮᠰᠢᠬᠦ ᠵᠢᠨ ᠲᠥᠯᠥᠭᠡ᠂ ᠦᠨᠳᠦᠰᠦᠨ ᠱᠠᠲᠦᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ ᠳᠦᠷᠢᠮᠵᠢᠭ᠍ᠰᠠᠨ ᠬᠢᠷᠢ ᠲᠦᠪᠰᠢᠨ᠎ᠢ ᠤᠯᠠᠮ ᠳᠡᠭᠡᠭᠰᠢᠯᠡᠭᠦᠯᠵᠦ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠲᠦᠯᠬᠢᠨ ᠠᠬᠢᠭᠤᠯᠵᠦ ᠪᠣᠢ᠃ ᠣᠢ᠌ᠷ᠎ᠠ᠎ᠳᠤ ᠠᠪᠠᠭ᠎ᠠ ᠬᠣᠰᠢᠭᠤᠨ᠎ᠤ ᠲᠤᠲᠤᠭ᠋ᠠᠲᠤ ᠵᠢ ᠬᠠᠮᠠᠭ᠋ᠠᠯᠠᠬᠤ ᠳᠤᠪᠴᠢᠶᠠᠨ᠎ᠤ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠤᠷᠢᠳ ᠬᠣᠵᠢᠳ ᠡᠯ᠎ᠡ ᠨᠠᠮ᠎ᠤᠨ ᠡᠭᠦᠷ᠎ᠤᠨ ᠨᠢᠭᠡᠲᠦᠬᠡᠷ ᠤᠯᠠᠷᠢᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠬᠢᠨᠠᠨ ᠪᠠᠢ᠌ᠴᠠᠭ᠋ᠠᠨ ᠵᠢᠭ᠋ᠠᠨ ᠵᠢᠯᠣᠭᠣᠳᠴᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠠᠬᠢᠭᠤᠯᠪᠠ᠃

ᠪᠠᠢ᠌ᠴᠠᠭ᠋ᠠᠯᠲᠠ ᠵᠢᠨ ᠳᠤᠮᠳᠠ ᠪᠠᠢ᠌ᠴᠠᠭ᠋ᠠᠬᠤ ᠲᠤᠭᠤᠢ᠌ᠯᠠᠩ᠎ᠨᠢ 《ᠪᠠᠢ᠌ᠴᠠᠭ᠋ᠠᠯᠲᠠ ᠵᠢᠨ ᠳᠤᠮᠳᠠ ᠠᠰᠠᠭᠤᠳᠠᠯ᠎ᠢ ᠢᠯᠡᠷᠡᠬᠦᠯᠵᠦ᠂ ᠪᠠᠢ᠌ᠴᠠᠭ᠋ᠠᠯᠲᠠ ᠵᠢᠨ ᠳᠤᠮᠳᠠ ᠥᠭᠡᠷᠡᠴᠢᠯᠡᠨ ᠰᠠᠢ᠌ᠵᠢᠷᠠᠭᠤᠯᠬᠤ》 ᠠᠵᠢᠯ᠎ᠤᠨ ᠰᠡᠳᠬᠢᠴᠡ᠎ᠪᠠᠷ ᠨᠠᠷᠢᠨ ᠨᠢᠮᠪᠠᠢ ᠡᠯ᠎ᠡ ᠨᠠᠮ᠎ᠤᠨ ᠡᠭᠦᠷ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠦ ᠴᠣᠭᠴᠠ ᠵᠢᠨ ᠦᠵᠡᠯ ᠤᠬᠠᠮᠰᠠᠷ᠎ᠤᠨ ᠲᠠᠨᠢᠯᠲᠠ ᠵᠢ ᠤᠬᠠᠭᠤᠯᠬᠤ᠂ ᠰᠣᠷᠣᠯᠴᠠᠬᠤ ᠠᠵᠢᠯ ᠦᠷᠨᠢᠬᠦᠯᠦᠭᠰᠡᠨ ᠪᠠᠢ᠌ᠳᠠᠯ᠂ ᠨᠠᠮ᠎ᠤᠨ ᠡᠭᠦᠷ᠎ᠤᠨ ᠡᠯ᠎ᠡ ᠳᠠᠩᠰᠠ ᠡᠪᠬᠡᠮᠡᠯ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠬᠥᠳᠡᠯᠭᠡᠭᠡᠨ᠂ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠂ 《ᠨᠢᠭᠡᠲᠦᠬᠡᠷ ᠵᠥᠪᠯᠡᠬᠦ ᠰᠡᠳᠦᠪ》 ᠳᠦᠷᠢᠮ᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠭᠤᠤᠯᠲᠠᠯᠭ᠎ᠠ᠎ᠲᠠᠢ ᠠᠵᠢᠯ ᠡᠭᠦᠷᠭᠡ ᠦᠷᠨᠢᠬᠦᠯᠦᠭᠰᠡᠨ ᠪᠠᠢ᠌ᠳᠠᠯ᠎ᠢ ᠪᠥᠬᠥ ᠲᠠᠯ᠎ᠠ᠎ᠪᠠᠷ ᠬᠢᠨᠠᠨ ᠪᠠᠢ᠌ᠴᠠᠭ᠋ᠠᠯᠲᠠ ᠬᠢᠵᠡᠢ᠃ ᠰᠠᠢ᠌ᠨ ᠳᠤᠷᠰᠢᠯᠭ᠎ᠠ᠂ ᠰᠠᠢ᠌ᠨ ᠠᠷᠭ᠎ᠠ ᠬᠡᠮᠵᠢᠶ᠎ᠡ᠎ᠳᠤ ᠦᠨᠡᠯᠡᠯᠲᠡ ᠬᠢᠵᠦ᠂ ᠠᠰᠠᠭᠤᠳᠠᠯ ᠢᠯᠡᠷᠡᠭᠰᠡᠨ᠎ᠳᠤ ᠳᠠᠷᠤᠢ᠎ᠳᠤ᠎ᠨᠢ ᠰᠠᠨᠠᠯ ᠰᠠᠨᠠᠭᠤᠯᠭ᠎ᠠ ᠭᠠᠷᠭ᠋ᠠᠵᠤ᠂ ᠲᠡᠷᠡᠴᠢᠯᠡᠨ ᠲᠡᠷᠡ ᠳᠠᠷᠤᠢ ᠬᠠᠯᠠᠨ ᠰᠠᠢ᠌ᠵᠢᠷᠠᠭᠤᠯᠵᠤ᠂ ᠲᠤᠳᠠᠭᠤᠳᠠᠯ ᠵᠶ᠋ᠠᠨ ᠨᠥᠬᠥᠪᠦᠷᠢᠯᠡᠵᠦ᠂ ᠦᠨᠡᠨ ᠬᠦ᠌ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠨᠠᠷᠢᠨ ᠨᠢᠮᠪᠠᠢ᠂ ᠪᠦᠷᠢᠨ ᠭᠦᠢ᠍ᠴᠡᠳ ᠬᠡᠮᠵᠢᠶᠡᠨ᠎ᠳᠤ ᠬᠦᠷᠭᠡᠬᠦ᠎ᠪᠠᠷ ᠪᠣᠯᠭ᠋ᠠᠪᠠ᠃

ᠳᠠᠷᠠᠭ᠎ᠠ᠎ᠨᠢ ᠪᠠᠢ᠌ᠭᠤᠯᠭ᠎ᠠ ᠵᠢᠨ ᠨᠠᠮ᠎ᠤᠨ ᠡᠭᠦᠷ᠎ᠤᠨ ᠭᠣᠣᠯ ᠬᠠᠷᠢᠭᠤᠴᠠᠯᠭ᠋ᠠᠲᠠᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠢ ᠤᠯᠠᠮ ᠴᠢᠩᠭ᠋ᠠᠳᠬᠠᠬᠤ ᠲᠤᠬᠠᠢ ᠴᠢᠬᠤᠯᠠ ᠰᠠᠨᠠᠯ ᠰᠠᠨᠠᠭᠤᠯᠭ᠎ᠠ ᠳᠤᠷᠠᠳᠬᠤ᠎ᠳᠤ᠎ᠪᠠᠨ᠂ ᠨᠢᠭᠡ᠎ᠳᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠂ ᠲᠤᠬᠠᠢ᠌ᠯᠠᠭᠰᠠᠨ ᠠᠵᠢᠯ᠎ᠤᠨ ᠡᠩᠨᠡᠬᠡ ᠵᠢᠨ ᠪᠠᠢ᠌ᠭᠤᠯᠤᠯᠲᠠ ᠵᠢᠨ ᠠᠵᠢᠯ᠎ᠲᠠᠢ ᠤᠶᠠᠯᠳᠤᠭᠤᠯᠬᠤ ᠬᠡᠷᠡᠭᠲᠡᠢ᠃ ᠬᠣᠶᠠᠷ᠎ᠲᠤ ᠵᠣᠬᠢᠶᠠᠨ ᠪᠠᠢ᠌ᠭᠤᠯᠤᠯᠲᠠ ᠵᠢᠨ ᠰᠤᠷᠤᠯᠴᠠᠯᠭ᠎ᠠ ᠵᠢ ᠴᠢᠩᠭ᠋ᠠᠳᠬᠠᠵᠦ᠂ ᠡᠯ᠎ᠡ ᠵᠦᠢ᠍ᠯ᠎ᠤᠨ ᠰᠤᠷᠤᠯᠴᠠᠯᠭ᠎ᠠ ᠬᠥᠳᠡᠯᠭᠡᠭᠡᠨ᠎ᠢ ᠦᠷᠨᠢᠬᠦᠯᠵᠦ᠂ ᠪᠤᠲᠠᠲᠠᠢ ᠠᠵᠢᠯ ᠳᠡᠭᠡᠷ᠎ᠡ ᠲᠣᠪᠣᠢ᠌ᠮ᠎ᠠ ᠦᠷ᠎ᠡ ᠪᠦᠲᠦᠮᠵᠢ ᠭᠠᠷᠭ᠋ᠠᠵᠤ᠂ ᠤᠯᠠᠨ ᠲᠦᠮᠡᠨ᠎ᠳᠤ ᠰᠠᠢ᠌ᠨ ᠠᠵᠢᠯ ᠬᠢᠵᠦ᠂ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》᠂ 《ᠨᠢᠭᠡᠲᠦᠬᠡᠷ ᠵᠥᠪᠯᠡᠬᠦ ᠰᠡᠳᠦᠪ》 ᠵᠡᠷᠭᠡ ᠵᠢ ᠤᠯᠠᠮ ᠬᠦᠨᠵᠡᠬᠡᠢ᠌ᠷᠡᠬᠦᠯᠬᠦ ᠬᠡᠷᠡᠭᠲᠡᠢ ᠭᠡᠪᠡ᠃
ᠲᠣᠰ ᠤᠳᠠᠭ᠋ᠠᠨ᠎ᠤ ᠪᠠᠢ᠌ᠴᠠᠭ᠋ᠠᠯᠲᠠ᠎ᠪᠠᠷ ᠳᠠᠮᠵᠢᠨ ᠡᠯ᠎ᠡ ᠨᠠᠮ᠎ᠤᠨ ᠡᠭᠦᠷ᠎ᠤᠨ ᠪᠠᠷᠢᠮᠵᠢᠶ᠎ᠠ᠎ᠳᠤ ᠳᠦᠷᠢᠮᠵᠢᠭᠰᠡᠨ ᠪᠠᠢ᠌ᠭᠤᠯᠤᠯᠲᠠ᠎ᠳᠤ ᠵᠢᠭ᠋ᠠᠨ ᠵᠢᠯᠤᠭᠤᠳᠴᠤ᠂ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠦ᠂ ᠳᠤᠷᠰᠢᠯᠭ᠎ᠠ᠎ᠪᠠᠨ ᠳ᠋ᠥᠩᠨᠡᠵᠦ᠂ ᠲᠡᠷᠢᠭᠦᠨ᠎ᠤ ᠲᠤᠷᠰᠢᠯᠭ᠎ᠠ ᠵᠢ ᠳᠡᠯᠭᠡᠷᠡᠬᠦᠯᠵᠦ᠂ ᠭᠣᠣᠯᠳᠠᠯᠭ᠎ᠠ ᠵᠢ ᠠᠳᠬᠤᠵᠤ᠂ ᠦᠷ᠎ᠡ ᠪᠦᠲᠦᠮᠵᠢ ᠵᠢ ᠳᠡᠭᠡᠭᠰᠢᠯᠡᠬᠦᠯᠬᠦ ᠬᠠᠷᠠᠯᠲᠠ᠎ᠳᠤ᠎ᠪᠠᠨ ᠬᠦᠷᠴᠦ᠂ ᠡᠯ᠎ᠡ ᠡᠭᠦᠷ᠎ᠤᠨ ᠲᠠᠢ᠌ᠴᠢᠨ ᠬᠦᠴᠦᠨ᠎ᠤ ᠦᠢ᠍ᠯᠡᠳᠦᠯ᠎ᠢ ᠪᠠᠲᠤᠳᠬᠠᠬᠤ᠎ᠳᠤ ᠰᠠᠭᠤᠷᠢ ᠲᠠᠯᠪᠢᠵᠤ ᠥᠭᠪᠡ᠃ (ᠮᠦᠩᠬᠡᠨᠠᠰᠤᠨ ᠮᠡᠳᠡᠭᠡᠯᠡᠪᠡ)