ᠵᠤᠨ᠎ᠤ ᠤᠯᠠᠷᠢᠯ᠎ᠤᠨ ᠠᠮᠤᠷ ᠲᠣᠭᠲᠠᠭᠤᠨ᠎ᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠵᠢ ᠭᠦᠨᠵᠡᠭᠡᠶ᠋ᠢᠷᠡᠭᠦᠯᠦᠨ ᠠᠬᠢᠭᠤᠯᠵᠤ ᠂ ᠨᠡᠶ᠋ᠢᠭᠡᠮ᠎ᠤᠨ ᠲᠠᠯ᠎ᠠ ᠵᠢᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠠᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠣᠨ᠎ᠤ ᠰᠥᠨᠢ ᠵᠢᠨ ᠠᠮᠤᠷ᠎ᠢ ᠬᠠᠮᠠᠭ᠋ᠠᠯᠠᠬᠤ ᠴᠠᠭᠳᠠᠨ ᠪᠠᠶ᠋ᠢᠴᠠᠭ᠋ᠠᠬᠤ ᠤᠬᠠᠭᠤᠯᠤᠨ ᠰᠡᠷᠭᠡᠶ᠋ᠢᠯᠡᠬᠦ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢᠨ ᠲᠣᠬᠢᠷᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠦᠬᠠᠶ ᠬᠣᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ 8 ᠰᠠᠷ᠎ᠠ ᠵᠢᠨ 9᠎ᠤ ᠡᠳᠦᠷ᠎ᠠᠴᠠ 11᠎ᠤ ᠡᠳᠦᠷ᠎ᠤᠨ ᠣᠷᠣᠶ ᠪᠦᠷᠢ ᠵᠢᠨ 19 ᠴᠠᠭ᠎ᠠᠴᠠ ᠳᠠᠷᠠᠭ᠎ᠠ ᠡᠳᠦᠷ᠎ᠤᠨ ᠥᠷᠯᠥᠭᠡ ᠵᠢᠨ 2 ᠴᠠᠭ ᠪᠣᠯᠲᠠᠯ᠎ᠠ᠂ ᠵᠣᠨ᠎ᠤ ᠰᠥᠨᠢ ᠵᠢᠨ ᠠᠮᠤᠷ᠎ᠢ ᠬᠠᠮᠠᠭ᠋ᠠᠯᠠᠬᠤ ᠴᠠᠭᠳᠠᠨ ᠪᠠᠶ᠋ᠢᠴᠠᠭ᠋ᠠᠬᠤ ᠤᠬᠠᠭᠤᠯᠤᠨ ᠰᠡᠷᠭᠡᠶ᠋ᠢᠯᠡᠬᠦ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢᠴᠢ ᠳᠥᠷᠪᠡᠳᠦᠭᠡᠷ ᠤᠳᠠᠭ᠋ᠠᠨ᠎ᠤ ᠪᠥᠬᠥ ᠣᠷᠣᠨ᠎ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃

ᠪᠦᠬᠦ ᠬᠣᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠤᠨ᠎ᠤ ᠤᠯᠠᠷᠢᠯ᠎ᠤᠨ ᠨᠡᠶ᠋ᠢᠭᠡᠮ᠎ᠤᠨ ᠠᠮᠤᠷ ᠲᠦᠪᠰᠢᠨ᠎ᠤ ᠵᠢᠮ᠎ᠡ ᠣᠨᠴᠠᠯᠢᠭ᠎ᠲᠠᠢ ᠤᠶᠠᠯᠳᠤᠭᠤᠯᠤᠨ᠂ ᠢᠯᠡ᠎ᠪᠠᠷ ᠴᠠᠭᠳᠠᠭ᠎ᠠ ᠬᠡᠷᠡᠭᠯᠡᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠡᠭᠡᠯᠢ ᠭᠤᠳᠤᠮᠵᠢ᠂ ᠭᠣᠤᠯᠳᠠᠯᠭ᠎ᠠ᠎ᠲᠠᠢ ᠵᠠᠮ᠎ᠤᠨ ᠬᠡᠰᠡᠭ᠂ ᠭᠣᠤᠯᠳᠠᠯᠭ᠎ᠠ᠎ᠲᠠᠢ ᠬᠡᠰᠡᠭ᠂ ᠬᠥᠮᠦᠨ ᠣᠯᠠᠨ ᠴᠤᠭᠯᠠᠷᠠᠭᠰᠠᠨ ᠲᠠᠯᠠᠪᠤᠷ᠎ᠤᠨ ᠨᠡᠶ᠋ᠢᠭᠡᠮ᠎ᠤᠨ ᠠᠮᠤᠷ ᠲᠦᠪᠰᠢᠨ᠎ᠤ ᠲᠣᠭᠣᠷᠢᠨ ᠪᠠᠶ᠋ᠢᠴᠠᠭ᠋ᠠᠵᠤ ᠤᠬᠠᠭᠤᠯᠤᠨ ᠰᠡᠷᠭᠡᠶ᠋ᠢᠯᠡᠬᠦ ᠵᠢ ᠪᠥᠬᠥ ᠬᠦᠴᠦᠨ ᠵᠶ᠋ᠠᠷ ᠵᠶ᠋ᠠᠨ ᠴᠢᠩᠭ᠋ᠠᠳᠬᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠠᠷᠢᠯᠭ᠋ᠠᠨ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠵᠢ ᠰᠦᠷᠳᠡᠭᠦᠯᠦᠨ᠂ ᠪᠥᠬᠥ ᠬᠣᠲᠠ ᠵᠢᠨ ᠠᠮᠤᠷ ᠲᠦᠪᠰᠢᠨ᠎ᠤ ᠪᠠᠶ᠋ᠢᠳᠠᠯ᠎ᠤᠨ ᠦᠷᠭᠦᠯᠵᠢᠯᠡᠨ ᠰᠠᠶ᠋ᠢᠵᠢᠷᠠᠬᠤ ᠵᠢ ᠳᠥᠯᠭᠢᠨ ᠠᠬᠢᠭᠤᠯᠵᠤ᠂ ᠠᠷᠠᠳ ᠣᠯᠠᠨ᠎ᠤ ᠲᠠᠢ᠌ᠪᠤᠩᠲᠤ ᠲᠦᠷᠦᠭᠳᠡᠯ ᠪᠠ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃


ᠠᠵᠢᠯᠯᠠᠭ᠎ᠠ ᠵᠢᠨ ᠬᠤᠭᠤᠴᠠᠭ᠋ᠠᠨ᠎ᠳᠤ᠂ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠡᠶ᠋ᠢᠲᠡ 1632 ᠴᠠᠭᠳᠠᠭ᠋ᠠᠨ᠎ᠤ ᠬᠦᠴᠦᠨ᠂ 434 ᠴᠠᠭᠳᠠᠭ᠋ᠠᠨ᠎ᠤ ᠲᠡᠷᠭᠡ ᠬᠥᠳᠡᠯᠭᠡᠵᠦ᠂ 874 ᠣᠯᠠᠨ ᠲᠦᠮᠡᠨ᠎ᠤ ᠰᠡᠷᠭᠡᠶ᠋ᠢᠯᠡᠨ ᠵᠠᠰᠠᠬᠤ ᠬᠦᠴᠦᠨ᠎ᠢ ᠳᠠᠶ᠋ᠢᠴᠢᠯᠠᠨ᠂ ᠶᠡᠷᠦᠩᠬᠡᠶ᠋ᠢᠯᠡᠨ ᠪᠠᠶ᠋ᠢᠴᠠᠭ᠋ᠠᠨ ᠡᠵᠡᠮᠳᠡᠬᠦ᠂ ᠵᠠᠮ ᠬᠠᠷᠢᠯᠴᠠᠭ᠎ᠠ ᠵᠢ ᠴᠡᠭᠴᠡᠯᠡᠨ ᠵᠠᠰᠠᠬᠤ ᠵᠡᠷᠭᠡ 22 ᠬᠣᠷᠢᠭ᠎ᠠ ᠴᠡᠭ ᠭᠠᠷᠭ᠋ᠠᠪᠠ; ᠨᠡᠶ᠋ᠢᠭᠡᠮ ᠳᠡᠭᠡᠷᠡᠬᠢ 2230 ᠮᠠᠰᠢᠨ ᠲᠡᠷᠭᠡ᠂ 1667 ᠨᠡᠭᠦᠳᠡᠯ ᠬᠥᠮᠦᠨ ᠠᠮᠠ᠂ 3325 ᠰᠡᠵᠢᠭᠯᠡᠯᠲᠡᠶ ᠬᠥᠮᠦᠨ᠂ ᠵᠤᠭ᠎ᠠ ᠴᠡᠩᠭᠡᠯ ᠵᠡᠷᠭᠡ ᠭᠣᠤᠯᠳᠠᠯᠭ᠎ᠠ᠎ᠲᠠᠢ ᠲᠠᠯᠠᠪᠤᠷ ᠭᠠᠵᠠᠷ᠎ᠢ 303 ᠪᠠᠶ᠋ᠢᠴᠠᠭ᠋ᠠᠵᠤ᠂ 587 ᠭᠣᠤᠯᠳᠠᠯᠭ᠎ᠠ᠎ᠲᠠᠢ ᠭᠠᠵᠠᠷ᠎ᠢ ᠲᠣᠭᠣᠷᠢᠨ ᠪᠠᠶ᠋ᠢᠴᠠᠭ᠋ᠠᠵᠤ᠂ 118 ᠠᠮᠤᠷ ᠲᠦᠪᠰᠢᠨ᠎ᠤ ᠳᠠᠯᠳᠠ ᠬᠡᠮ᠎ᠢ ᠴᠡᠭᠴᠡᠯᠡᠨ ᠵᠠᠰᠠᠵᠤ᠂ ᠡᠯ᠎ᠡ ᠵᠦᠢ᠍ᠯ᠎ᠤᠨ ᠰᠤᠮᠤ ᠵᠢ 80 ᠪᠠᠶ᠋ᠢᠴᠠᠭ᠋ᠠᠨ ᠣᠯᠵᠠᠯᠠᠪᠠ; ᠡᠯ᠎ᠡ ᠲᠥᠷᠥᠯ᠎ᠤᠨ ᠡᠷᠡᠭᠦᠤ ᠵᠢᠨ ᠬᠡᠷᠡᠭ ᠨᠡᠶ᠋ᠢᠲᠡ 34᠂ 《ᠱᠠᠯᠢᠭ ᠵᠠᠪᠬᠠᠶ᠂ ᠵᠣᠭᠣᠰ ᠮᠥᠷᠥᠶ᠋ᠢᠴᠡᠬᠦ᠂ ᠬᠣᠤᠷᠲᠤ ᠡᠳ᠋ ᠫᠠᠨᠽᠠᠯᠠᠬᠤ》 ᠬᠠᠤᠯᠢ ᠵᠢ ᠵᠥᠷᠢᠴᠡᠭᠰᠡᠨ ᠶᠠᠯᠠᠲᠤ ᠬᠡᠷᠡᠭ᠎ᠢ 15 ᠢᠯᠡᠷᠡᠭᠦᠯᠵᠦ᠂ ᠬᠠᠤᠯᠢ ᠵᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ 71 ᠬᠥᠮᠦᠨ᠂ ᠤᠷᠭᠤᠨ ᠳᠤᠲᠠᠭ᠋ᠠᠭᠰᠠᠳᠢ 2 ᠪᠠᠷᠢᠪᠴᠢᠯᠠᠪᠠ; ᠠᠷᠢᠬᠢ ᠤᠤᠭᠤᠵᠤ ᠲᠡᠷᠭᠡ ᠵᠢᠯᠣᠭᠣᠳᠤᠭᠰᠠᠨ᠂ ᠰᠣᠭᠲᠣᠭᠤ᠎ᠪᠠᠷ ᠲᠡᠷᠭᠡ ᠵᠢᠯᠣᠭᠣᠳᠤᠭᠰᠠᠨ᠂ ᠵᠡᠭᠡᠯᠢ ᠭᠤᠳᠤᠮᠵᠢ ᠵᠢ ᠦᠢ᠍ᠮᠡᠭᠦᠯᠵᠦ ᠠᠷᠠᠳ᠎ᠢ ᠲᠦᠢ᠍ᠪᠡᠭᠡᠭᠰᠡᠨ᠂ 《ᠭᠤᠷᠪᠠ ᠵᠢ ᠬᠡᠲᠦᠷᠡᠭᠦᠯᠦᠨ ᠶᠠᠳᠠᠷᠠᠭᠤ᠎ᠪᠠᠷ ᠲᠡᠷᠭᠡ ᠵᠢᠯᠣᠭᠣᠳᠬᠤ》 ᠵᠡᠷᠭᠡ ᠵᠠᠮ ᠬᠠᠷᠢᠯᠴᠠᠭ᠋ᠠᠨ᠎ᠤ ᠡᠯ᠎ᠡ ᠲᠥᠷᠥᠯ᠎ᠤᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠡᠶ᠋ᠢᠲᠡ 2 ᠪᠠᠶ᠋ᠢᠴᠠᠭ᠋ᠠᠨ ᠰᠢᠢ᠍ᠳᠪᠦᠷᠢᠯᠡᠵᠦ᠂ ᠵᠠᠮ ᠬᠠᠷᠢᠯᠴᠠᠭ᠋ᠠᠨ᠎ᠤ ᠪᠤᠰᠤᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠡᠶ᠋ᠢᠲᠡ 614 ᠪᠠᠶ᠋ᠢᠴᠠᠭ᠋ᠠᠨ ᠰᠢᠢ᠍ᠳᠪᠦᠷᠢᠯᠡᠪᠡ᠃