ᠣᠶ᠋ᠢᠷ᠎ᠠ᠎ᠳᠤ᠂ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢ ᠴᠠᠭᠳᠠᠭ᠋ᠠᠨ᠎ᠤ ᠬᠦᠴᠦᠨ ᠵᠶ᠋ᠠᠨ ᠵᠣᠬᠢᠶᠠᠨ ᠪᠠᠶ᠋ᠢᠭᠤᠯᠵᠤ ᠬᠠᠷᠢᠶᠠᠲᠤ ᠣᠷᠣᠨ᠎ᠤ᠎ᠪᠠᠨ ᠫᠤᠤᠵᠢᠩ ᠪᠣᠷᠣᠯᠠᠭᠤᠯᠬᠤ ᠳᠡᠯᠭᠡᠭᠦᠷ᠎ᠲᠤ ᠭᠦᠨᠵᠡᠭᠡᠶ᠋ᠢᠷᠡᠵᠦ᠂ ᠫᠤᠤᠵᠢᠩ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠪᠥᠬᠥ ᠲᠠᠯ᠎ᠠ᠎ᠪᠠᠷ ᠥᠷᠨᠢᠭᠦᠯᠪᠡ᠃
ᠪᠠᠶ᠋ᠢᠴᠠᠭ᠋ᠠᠬᠤ ᠶᠠᠪᠤᠴᠠ᠎ᠳᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ᠎ᠬᠢᠨ ᠫᠤᠤᠵᠢᠩ᠎ᠤᠨ ᠬᠢᠷᠢ ᠲᠡᠩᠴᠡᠭᠰᠡᠨ ᠡᠰᠡᠬᠦ ᠵᠢ ᠭᠣᠣᠯᠳᠠᠯᠭ᠎ᠠ᠎ᠲᠠᠢ ᠪᠠᠶ᠋ᠢᠴᠠᠭ᠋ᠠᠨ ᠦᠵᠡᠵᠦ᠂ ᠪᠠᠷᠠᠭ᠎ᠠ ᠣᠷᠣᠭᠤᠯᠬᠤ ᠠᠷᠠᠭ᠎ᠠ ᠵᠠᠮ᠎ᠨᠢ ᠬᠠᠤᠯᠢ ᠶᠣᠰᠣᠨ᠎ᠳᠤ ᠨᠡᠶ᠋ᠢᠴᠡᠬᠦ ᠡᠰᠡᠬᠦ᠂ ᠠᠶᠤᠯ ᠥᠭᠡᠢ ᠨᠡᠪᠲᠡᠷᠡᠬᠦ ᠵᠠᠮ᠎ᠨᠢ ᠰᠠᠭ᠋ᠠᠳ ᠥᠭᠡᠢ ᠪᠠᠶ᠋ᠢᠬᠤ ᠡᠰᠡᠬᠦ᠂ ᠭᠠᠯ ᠤᠨᠲᠠᠷᠠᠭ᠋ᠠᠬᠤ ᠪᠡᠯᠡᠳᠬᠡᠮᠵᠢ᠎ᠨᠢ ᠪᠦᠷᠢᠨ ᠭᠦᠢ᠍ᠴᠡᠳ ᠪᠠᠶ᠋ᠢᠬᠤ ᠡᠰᠡᠬᠦ ᠵᠡᠷᠭᠡ ᠭᠣᠣᠯᠳᠠᠯᠭ᠎ᠠ᠎ᠲᠠᠢ ᠪᠠᠶ᠋ᠢᠳᠠᠯ᠎ᠢ ᠪᠠᠢ᠌ᠴᠠᠭ᠋ᠠᠬᠤ ᠵᠢᠨ ᠵᠡᠷᠭᠡ᠎ᠪᠠᠷ ᠭᠠᠯ᠎ᠢ ᠰᠡᠷᠭᠡᠶ᠋ᠢᠯᠡᠬᠦ᠂ ᠡ᠊ᠨᠳᠡᠯ᠎ᠢ ᠰᠡᠷᠭᠡᠶ᠋ᠢᠯᠡᠬᠦ ᠶᠡᠷᠦ ᠵᠢᠨ ᠮᠡᠳᠡᠯᠭᠡ ᠵᠢ ᠢᠳᠡᠪᠬᠢᠲᠡᠶ ᠤᠬᠠᠭᠤᠯᠵᠤ᠂ ᠫᠤᠤᠵᠢᠩ᠎ᠤᠨ ᠳᠡᠯᠭᠡᠭᠦᠷ᠎ᠤᠨ ᠡᠵᠡᠩᠨᠡᠭᠴᠢ ᠵᠢ ᠠᠶᠤᠯ ᠥᠭᠡᠢ ᠵᠢᠨ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠦᠨ᠂ ᠬᠠᠳᠠᠭ᠋ᠠᠯᠠᠬᠤ᠎ᠪᠠᠨ ᠵᠢᠷᠤᠮᠵᠢᠭᠤᠯᠤᠨ᠂ ᠭᠠᠯ ᠤᠨᠲᠠᠷᠠᠭ᠋ᠠᠬᠤ ᠵᠢᠨ ᠠᠶᠤᠯ ᠥᠭᠡᠢ ᠵᠢ ᠴᠢᠬᠤᠯᠠᠴᠢᠯᠠᠨ᠂ ᠦᠨᠡᠮᠯᠡᠯ ᠥᠭᠡᠢ᠎ᠪᠠᠷ ᠡᠵᠡᠩᠨᠡᠬᠦ ᠪᠠ ᠬᠠᠤᠯᠢ ᠪᠤᠰᠤ᠎ᠪᠠᠷ ᠪᠣᠷᠣᠯᠠᠭᠤᠯᠤᠨ ᠬᠠᠳᠠᠭ᠋ᠠᠯᠠᠬᠤ ᠠᠰᠠᠭᠤᠳᠠᠯ᠎ᠢ ᠴᠢᠩᠭ᠎ᠠ ᠴᠠᠭ᠋ᠠᠵᠠᠯᠠᠬᠤ ᠬᠡᠷᠡᠭᠲᠡᠶ ᠭᠡᠵᠦ ᠱᠠᠭ᠋ᠠᠷᠳᠠᠪᠠ᠃