ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠲᠠᠢ᠌ᠹᠤᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠢᠭᠡᠳᠦᠭᠡᠷ ᠨᠠᠮ᠎ᠤᠨ ᠡᠭᠦᠷ 《ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-09-02

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠵᠢᠷᠭᠤᠭ᠋ᠠᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠭᠦᠨᠵᠡᠭᠡᠶ ᠣᠶ᠋ᠢᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ᠎ᠤᠨ ᠠᠵᠢᠯ ᠳᠤᠮᠳᠠᠬᠢ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠭᠦᠷᠭᠡᠲᠦ ᠰᠡᠳᠬᠢᠯᠭᠡ ᠪᠠ ᠬᠠᠷᠢᠭᠤᠴᠠᠯᠭ᠋ᠠᠲᠤ ᠰᠡᠳᠬᠢᠯᠭᠡ ᠵᠢ ᠳᠡᠭᠡᠭᠰᠢᠯᠡᠭᠦᠯᠬᠦ ᠵᠢᠨ ᠲᠥᠯᠥᠭᠡ᠂ 8 ᠰᠠᠷ᠎ᠠ ᠵᠢᠨ 1᠎ᠤ ᠦᠳᠡ ᠵᠢᠨ ᠬᠣᠶ᠋ᠢᠨ᠎ᠠ᠂ ᠲᠠᠢ᠌ᠹᠤᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠢᠭᠡᠳᠦᠭᠡᠷ ᠨᠠᠮ᠎ᠤᠨ ᠡᠭᠦᠷ ᠭᠦᠨᠪᠤᠯᠠᠭ ᠰᠤᠮᠤ ᠵᠢᠨ ᠬᠠᠶ᠋ᠢᠷᠠᠲᠤ ᠭᠠᠴᠠᠭ᠋ᠠᠨ᠎ᠤ ᠨᠠᠮ᠎ᠤᠨ ᠡᠭᠦᠷ᠎ᠲᠠᠢ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ᠎ᠳᠤ ᠣᠷᠣᠯᠴᠠᠭᠰᠠᠨ ᠪᠦᠬᠦ ᠨᠠᠮ᠎ᠤᠨ ᠭᠡᠰᠢᠭᠦᠨ ᠭᠠᠯ ᠤᠯᠠᠭ᠋ᠠᠨ ᠨᠠᠮ᠎ᠤᠨ ᠲᠤᠭ᠎ᠤᠨ ᠡᠮᠦᠨ᠎ᠡ᠂ ᠪᠠᠷᠠᠭᠤᠨ ᠭᠠᠷ ᠵᠶ᠋ᠠᠨ ᠥᠨᠳᠥᠷ ᠡᠷᠭᠦᠵᠦ᠂ ᠨᠠᠮ᠎ᠳᠤ ᠣᠷᠣᠬᠤ ᠲᠠᠩᠭ᠋ᠠᠷᠢᠭ ᠵᠶ᠋ᠠᠨ ᠳᠠᠬᠢᠨ ᠡᠷᠭᠢᠴᠡᠭᠦᠯᠪᠡ᠃ ᠲᠠᠩᠭ᠋ᠠᠷᠢᠭᠯᠠᠬᠤ ᠲᠠᠭᠤᠨ ᠢᠳᠡ ᠬᠦᠴᠦᠲᠡᠢ᠂ ᠪᠦᠬᠦ ᠨᠠᠮ᠎ᠤᠨ ᠭᠡᠰᠢᠭᠦᠨ᠎ᠤ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ ᠡᠷᠴᠢ ᠵᠣᠷᠢᠭ᠎ᠢ ᠭᠦᠢ᠍ᠴᠡᠳ ᠢᠯᠡᠷᠡᠭᠦᠯᠪᠡ᠃

DSC_5794.JPG


      ᠠᠵᠢᠯᠯᠠᠭ᠎ᠠ ᠵᠢᠨ ᠭᠤᠤᠯ ᠰᠡᠳᠦᠪ᠎ᠨᠢ 《ᠠᠨᠠᠷ᠎ᠤᠨ ᠦᠷ᠎ᠡ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠵᠤ᠂ ᠴᠠᠭᠳᠠᠭ᠎ᠠ ᠠᠷᠠᠳ ᠨᠢᠭᠡ ᠬᠡᠷ᠎ᠤᠨ ᠬᠥᠮᠦᠨ ᠮᠡᠲᠦ ᠳᠣᠲᠣᠨᠣ ᠪᠠᠶ᠋ᠢᠬᠤ》᠎ᠪᠠᠷ ᠭᠤᠤᠯ ᠰᠡᠳᠦᠪ ᠪᠣᠯᠭ᠋ᠠᠨ ᠨᠥᠬᠥᠷᠯᠡᠯ᠎ᠤᠨ ᠰᠤᠷᠤᠯᠴᠠᠯᠭ᠎ᠠ᠂ ᠰᠤᠳᠤᠯᠤᠨ ᠶᠠᠷᠢᠯᠴᠠᠬᠤ᠂ ᠲᠣᠭᠣᠷᠢᠨ ᠦᠵᠡᠬᠦ ᠠᠵᠢᠯᠯᠠᠭ᠎ᠠ ᠥᠷᠨᠢᠭᠦᠯᠵᠦ᠂ ᠴᠠᠭᠳᠠᠭ᠎ᠠ ᠪᠣᠯᠤᠨ ᠮᠠᠯᠴᠢᠨ ᠲᠦᠮᠡᠨ ᠬᠠᠮᠲᠤ᠎ᠪᠠᠷ ᠠᠵᠢᠯᠯᠠᠭ᠎ᠠ᠂ ᠰᠣᠯᠢᠯᠴᠠᠭ᠎ᠠ ᠬᠢᠬᠦ᠎ᠪᠠᠷ ᠳᠠᠮᠵᠢᠭᠤᠯᠤᠨ᠂ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠯᠠᠮ ᠨᠢᠭᠡ ᠠᠯᠬᠤᠮ ᠣᠶ᠋ᠢᠯᠠᠭ᠋ᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠯ ᠨᠢᠭᠡᠳᠦᠯ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠵᠢ ᠬᠥᠲᠥᠯᠥᠨ ᠵᠢᠯᠣᠭᠣᠳᠴᠤ᠂ ᠳᠤᠮᠳᠠᠳᠤ ᠵᠢᠨ ᠦᠨᠳᠦᠰᠦᠲᠡᠨ᠎ᠤ ᠲᠤᠬᠠᠶ ᠮᠡᠳᠡᠷᠡᠮᠵᠢ ᠵᠢᠨ ᠰᠡᠳᠬᠢᠯᠭᠡ ᠪᠣᠯᠤᠨ ᠣᠮᠣᠭᠰᠢᠯᠲᠤ ᠰᠡᠳᠬᠢᠯᠭᠡ ᠵᠢ᠎ᠨᠢ ᠨᠡᠮᠡᠭᠳᠡᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠦᠵᠡᠯ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠪᠠ᠃ ᠠᠵᠢᠯᠯᠠᠭ᠎ᠠ᠎ᠳᠤ ᠳᠠᠭᠤᠤ ᠪᠥᠵᠢᠭ᠎ᠤᠨ ᠲᠣᠭᠯᠠᠯᠲᠠ ᠲᠣᠬᠢᠷᠠᠭᠤᠯᠵᠤ᠂ ᠭᠣᠶ᠋ᠢᠳᠠ ᠰᠠᠶ᠋ᠢᠬᠠᠨ ᠤᠷᠠᠨ ᠰᠠᠶ᠋ᠢᠬᠠᠨ᠎ᠤ ᠲᠣᠭᠯᠠᠯᠲᠠ᠎ᠪᠠᠷ ᠦᠨᠳᠦᠰᠦᠲᠡᠨ᠎ᠤ ᠰᠣᠶᠣᠯ᠎ᠤᠨ ᠷᠢᠳᠢ ᠰᠢᠳᠢ ᠵᠢ ᠭᠦᠢ᠍ᠴᠡᠳ ᠢᠯᠡᠷᠡᠭᠦᠯᠪᠡ᠃
      ᠲᠤᠬᠠᠶ ᠵᠢᠨ ᠲᠠᠯᠠᠪᠠᠶ᠎ᠳᠤ᠂ ᠴᠠᠭᠳᠠᠭ᠎ᠠ ᠨᠠᠷ ᠪᠠᠰᠠ ᠥᠷᠭᠡᠨ ᠣᠯᠠᠨ ᠮᠠᠯᠴᠢᠨ ᠲᠦᠮᠡᠨ᠎ᠳᠤ ᠬᠤᠤᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠣᠯᠠᠨ ᠲᠦᠮᠡᠨ᠎ᠳᠤ ᠰᠢᠨ᠎ᠡ ᠬᠡᠯᠪᠡᠷᠢ ᠵᠢᠨ ᠬᠤᠤᠷᠲᠤ ᠡᠳ᠋᠎ᠤᠨ ᠲᠥᠷᠥᠯ ᠵᠦᠢ᠍ᠯ᠂ ᠬᠤᠤᠷ ᠬᠥᠨᠥᠭᠡᠯ᠂ ᠤᠷᠢᠳᠴᠢᠯᠠᠨ ᠰᠡᠷᠭᠡᠶ᠋ᠢᠯᠡᠬᠦ ᠮᠡᠳᠡᠯᠭᠡ᠂ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠤᠤᠷᠲᠤ ᠡᠳ᠋᠎ᠢ ᠴᠠᠭ᠋ᠠᠵᠠᠯᠠᠬᠤ ᠰᠡᠷᠭᠡᠶ᠋ᠢᠯᠡᠬᠦ ᠵᠢᠨ ᠴᠢᠬᠤᠯᠠ ᠴᠢᠨᠠᠷ᠎ᠢ ᠲᠠᠨᠢᠯᠴᠠᠭᠤᠯᠵᠤ᠂ ᠣᠯᠠᠨ᠎ᠳᠤ ᠬᠤᠤᠷᠲᠤ ᠡᠳ᠋᠎ᠤᠨ ᠬᠤᠪᠢ ᠬᠥᠮᠦᠨ᠂ ᠬᠡᠷ ᠪᠦᠯᠢ ᠵᠢᠴᠢ ᠨᠡᠶ᠋ᠢᠭᠡᠮ᠎ᠳᠤ ᠦᠵᠡᠭᠦᠯᠦᠭᠰᠡᠨ ᠬᠦᠨᠳᠦ ᠨᠣᠴᠢᠲᠠᠶ ᠨᠥᠯᠥᠭᠡ ᠵᠢ ᠪᠥᠬᠥ ᠲᠠᠯ᠎ᠠ᠎ᠪᠠᠷ ᠣᠶ᠋ᠢᠯᠠᠭ᠋ᠠᠭᠤᠯᠵᠤ᠂ ᠲᠤᠬᠠᠶ ᠵᠢᠨ ᠲᠠᠯᠠᠪᠤᠷ᠎ᠲᠤ ᠪᠠᠶ᠋ᠢᠭᠰᠠᠨ ᠣᠯᠠᠨ ᠲᠦᠮᠡᠨ᠎ᠤ ᠭᠦᠨ ᠪᠣᠳᠣᠯᠭ᠋ᠠᠰᠢᠷᠠᠭᠤᠯᠪᠠ᠃

DSC_5927.JPG


      ᠬᠥᠳᠡᠯᠭᠡᠭᠡᠨ᠎ᠤ ᠡᠴᠦᠰ᠎ᠲᠤ᠂ ᠲᠠᠢ᠌ᠹᠤᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠤᠯᠠᠭ᠋ᠠᠨᠮᠥ᠋ᠴᠢᠷ᠎ᠤᠨ ᠪᠠᠭ᠎ᠠ ᠰᠠᠯᠪᠤᠷᠢ ᠠᠩᠬᠢ ᠵᠢᠨ ᠲᠣᠭᠯᠠᠭᠴᠢᠳ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠤᠷᠠᠯᠢᠭ᠎ᠤᠨ ᠬᠡᠯᠪᠡᠷᠢ᠂ ᠳᠠᠭᠤᠤ᠂ ᠪᠥᠵᠢᠭ ᠵᠡᠷᠭᠡ ᠲᠣᠭᠯᠠᠯᠲᠠ ᠵᠢᠨ ᠠᠭᠤᠯᠭ᠎ᠠ᠎ᠪᠠᠷ ᠤᠯᠠᠨ ᠲᠦᠮᠡᠨ᠎ᠤ ᠬᠦᠷᠢᠶᠡᠯᠡᠯ᠎ᠢ ᠣᠯᠵᠤ᠂ ᠦᠵᠡᠭᠴᠢᠳ᠎ᠤᠨ ᠬᠠᠯᠠᠭᠤᠨ ᠠᠯᠠᠭ᠎ᠠ ᠲᠠᠰᠢᠯᠳᠠ ᠵᠢ ᠬᠦᠷᠲᠡᠵᠡᠢ᠃ ᠲᠣᠰ ᠤᠳᠠᠭ᠋ᠠᠨ᠎ᠤ ᠠᠵᠢᠯᠯᠠᠭ᠎ᠠ᠎ᠨᠢ ᠬᠠᠶ᠋ᠢᠷᠠᠲᠤ ᠭᠠᠴᠠᠭ᠎ᠠ᠎ᠳᠤ ᠤᠳᠬ᠎ᠠ ᠤᠷᠠᠯᠢᠭ᠎ᠤᠨ ᠥᠪᠡᠷᠮᠢᠴᠡ ᠲᠥᠷᠥᠭᠳᠡᠯ ᠣᠯᠭᠣᠭᠰᠠᠨ ᠵᠶ᠋ᠠᠷ ᠪᠠᠷᠠᠬᠤ ᠥᠬᠡᠶ ᠮᠠᠯᠴᠢᠳ᠎ᠤᠨ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠵᠠᠶ᠃

 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ