《ᠡᠪᠦᠯ ᠤᠯᠠᠷᠢᠯ᠎ᠤᠨ ᠠᠵᠢᠯᠯᠠᠭ᠎ᠠ》 ᠵᠢ ᠥᠷᠨᠢᠭᠦᠯᠦᠭᠰᠡᠨ᠎ᠠᠴᠠ ᠨᠠᠭ᠋ᠠᠰᠢ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠯ᠎ᠡ ᠲᠥᠷᠥᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠷᠢᠶ᠎ᠠ ᠣᠷᠣᠨ᠎ᠤ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠪᠥᠬᠥ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠳᠠᠯᠳᠠ ᠬᠡᠮ᠎ᠢ ᠴᠠᠭ ᠲᠤᠬᠠᠶ᠎ᠳᠤᠨᠢ ᠠᠷᠢᠯᠭ᠋ᠠᠵᠤ᠂ ᠬᠠᠤᠯᠢ ᠵᠢ ᠵᠥᠷᠢᠴᠡᠭᠰᠡᠨ ᠶᠠᠯᠠᠲᠤ ᠡᠲᠡᠭᠡᠳ᠎ᠤᠨ ᠣᠮᠣᠭ ᠰᠦᠷ᠎ᠢ ᠬᠦᠴᠦᠲᠡᠶ ᠰᠦᠷᠳᠡᠭᠦᠯᠪᠡ᠃
2025 ᠣᠨ᠎ᠤ 1 ᠰᠠᠷ᠎ᠠ ᠵᠢᠨ 2᠎ᠤᠨ ᠡᠳᠦᠷ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠫᠤᠤ ᠰᠤᠮᠤ ᠳᠠᠷᠢ ᠵᠢ ᠬᠠᠤᠯᠢ ᠪᠤᠰᠤ᠎ᠪᠠᠷ ᠦᠢ᠍ᠯᠡᠳᠦᠭᠰᠡᠨ᠂ ᠬᠤᠳᠠᠯᠳᠤᠭ᠋ᠠᠯᠠᠭᠰᠠᠨ᠂ ᠵᠥᠭᠡᠭᠡᠪᠦᠷᠢᠯᠡᠭᠰᠡᠨ᠂ ᠰᠢᠤᠳᠠᠨ ᠵᠶ᠋ᠠᠷ ᠢᠯᠡᠭᠡᠭᠰᠡᠨ᠂ ᠬᠠᠳᠠᠭ᠋ᠠᠯᠠᠭᠰᠠᠨ ᠬᠡᠷᠡᠭ᠎ᠢ ᠠᠮᠵᠢᠯᠲᠠ᠎ᠲᠠᠶ ᠢᠯᠡᠷᠡᠭᠦᠯᠵᠦ᠂ 1 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 1 ᠬᠡᠶ ᠫᠤᠤ᠂ 1262 ᠲᠤᠭᠤᠯᠭ᠋ᠠᠨ ᠰᠤᠮᠤ ᠣᠯᠵᠠᠯᠠᠵᠤ᠂ 2025 ᠣᠨ᠎ᠤ 《ᠠᠩᠬᠠᠨ᠎ᠤ ᠫᠤᠤ》 ᠵᠢ ᠬᠠᠷᠪᠤᠪᠠ᠃

ᠣᠶ᠋ᠢᠯᠠᠭ᠋ᠠᠭᠰᠠᠨ ᠵᠶ᠋ᠠᠷ᠂ ᠲᠣᠰ ᠲᠣᠪᠴᠢᠶ᠎ᠠ ᠵᠢᠨ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠠᠵᠢᠯ᠎ᠤᠨ ᠳᠤᠮᠳᠠ᠎ᠪᠠᠨ ᠬᠠᠷᠢᠶᠠᠲᠤ ᠣᠷᠣᠨ᠎ᠤ ᠰᠠᠭᠤᠭ᠋ᠠᠯᠢ ᠠᠷᠠᠳ ᠪᠦᠦ ᠣᠪᠣᠭᠲᠤ ᠬᠠᠤᠯᠢ ᠪᠤᠰᠤ᠎ᠪᠠᠷ ᠫᠤᠤ ᠰᠤᠮᠤ ᠠᠪᠴᠤ ᠶᠠᠪᠤᠭᠰᠠᠨ ᠰᠡᠵᠢᠭᠯᠡᠯᠲᠡᠶ ᠪᠠᠶ᠋ᠢᠬᠤ ᠵᠢ ᠣᠯᠵᠤ ᠮᠡᠳᠡᠵᠡᠶ᠃ ᠡᠶ᠋ᠢᠮᠦ᠎ᠠᠴᠠ ᠲᠡᠷᠡ ᠳᠠᠷᠤᠢ ᠬᠤᠷᠴᠠ ᠭᠠᠪᠰᠢᠭ᠋ᠠᠢ ᠠᠷᠠᠳ᠎ᠤᠨ ᠴᠠᠭᠳᠠᠭ᠎ᠠ ᠵᠢ ᠵᠣᠬᠢᠶᠠᠨ ᠪᠠᠶ᠋ᠢᠭᠤᠯᠵᠤ ᠪᠦᠦ ᠣᠪᠣᠭᠲᠤ ᠵᠢᠨ ᠣᠷᠣᠨ ᠰᠠᠭᠤᠴᠠ ᠵᠢᠨ ᠲᠣᠭᠣᠷᠢᠭ᠂ ᠠᠮᠢᠳᠤᠷᠠᠯ᠎ᠤᠨ ᠲᠣᠭᠣᠷᠢᠭ᠎ᠲᠤ ᠪᠠᠶ᠋ᠢᠴᠠᠭ᠋ᠠᠯᠲᠠ ᠪᠠ ᠮᠥᠷᠳᠡᠯᠲᠡ ᠥᠷᠨᠢᠭᠦᠯᠪᠡ᠃ ᠪᠦᠦ ᠣᠪᠣᠭᠲᠤ ᠵᠢ ᠣᠨᠤᠰᠢᠯᠠᠭᠰᠠᠨᠤ ᠲᠠᠷᠠᠭ᠎ᠠ᠂ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠭᠴᠢ ᠪᠠᠭ᠋ᠠᠲᠠᠯ᠎ᠠ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ᠎ᠲᠠᠢ ᠬᠣᠯᠪᠣᠭ᠋ᠠᠯᠠᠨ᠂ ᠪᠦᠦ ᠣᠪᠣᠭᠲᠤ ᠵᠢ ᠪᠠᠭ᠋ᠠᠲᠠᠯ᠎ᠠ ᠰᠤᠮᠤᠨ᠎ᠤ ᠭᠡᠷ᠎ᠠᠴᠠ᠎ᠨᠢ ᠪᠠᠷᠢᠪᠴᠢᠯᠠᠭᠰᠠᠨ ᠪᠣᠯᠪᠠᠴᠤ ᠭᠡᠷ ᠳᠣᠲᠣᠷ᠎ᠠ᠎ᠠᠴᠠ᠎ᠨᠢ ᠫᠤᠤ ᠵᠡᠪᠰᠡᠭ᠂ ᠰᠤᠮᠤ ᠲᠡᠷᠢ ᠣᠯᠤᠭᠰᠠᠨ ᠦᠭᠡᠢ᠃
ᠠᠷᠠᠳ᠎ᠤᠨ ᠴᠠᠭᠳᠠᠭ᠎ᠠ ᠪᠦᠦ ᠣᠪᠣᠭᠲᠤ ᠵᠢ ᠬᠠᠤᠯᠢ ᠶᠣᠰᠣᠭ᠋ᠠᠷ ᠰᠢᠭᠦᠵᠦ᠂ ᠦᠵᠡᠯ ᠰᠠᠨᠠᠭ᠎ᠠ ᠬᠠᠤᠯᠢ ᠴᠠᠭ᠋ᠠᠵᠠ ᠵᠢᠨ ᠬᠥᠮᠦᠵᠢᠯ ᠬᠢᠭᠰᠡᠨ᠎ᠳᠤ᠂ ᠪᠦᠦ ᠣᠪᠣᠭᠲᠤ ᠡᠴᠦᠰ᠎ᠲᠤ᠎ᠪᠠᠨ ᠶᠠᠯᠠᠲᠤ ᠠᠵᠢᠯᠯᠠᠭ᠎ᠠ᠎ᠪᠠᠨ ᠵᠶ᠋ᠠᠨ ᠦᠨᠡᠨ ᠮᠥᠨ ᠵᠶ᠋ᠠᠷ ᠵᠶ᠋ᠠᠨ ᠦᠴᠢᠭᠯᠡᠭᠰᠡᠨ ᠮᠦᠷᠳᠡᠬᠡᠨ ᠭᠠᠨᠵᠤᠭ᠎ᠠ ᠪᠠᠯᠭ᠋ᠠᠰᠤ ᠵᠢᠨ ᠨᠢᠭᠡᠨ ᠪᠡᠶ᠎ᠡ ᠤᠬᠢᠶᠠᠬᠤ ᠲᠥᠪ᠎ᠤᠨ ᠭᠠᠵᠠᠷ ᠳᠣᠣᠷᠠᠬᠢ ᠤᠰᠤᠨ ᠬᠥᠭᠡᠷᠭᠡ ᠵᠢᠨ ᠭᠡᠷ᠎ᠲᠤ ᠪᠦᠦ ᠣᠪᠣᠭᠲᠤ ᠵᠢᠨ ᠥᠪᠡᠷ ᠵᠶ᠋ᠠᠨ ᠦᠢ᠍ᠯᠡᠳᠦᠭᠰᠡᠨ ᠬᠡᠶ᠋ᠢᠲᠦ ᠫᠤᠤ 1᠂ ᠬᠡᠶ᠋ᠢᠲᠦ ᠫᠤᠤ ᠵᠢᠨ ᠲᠤᠭᠤᠯᠭ᠋ᠠᠨ ᠰᠤᠮᠤ 1262᠂ ᠬᠣᠷᠭᠣᠯᠵᠢ 489᠂ ᠲᠤᠭᠤᠯᠭ᠋ᠠᠨ ᠰᠤᠮᠤᠨ᠎ᠤ ᠬᠡᠪ 1᠂ ᠬᠡᠶ᠋ᠢᠲᠦ ᠫᠤᠤ ᠵᠢᠨ ᠬᠡᠶ᠋ᠢᠲᠦ ᠲᠦᠩᠰᠡ 1 ᠵᠢ ᠨᠢᠭᠤᠵᠤ ᠪᠠᠢ᠌ᠭᠰᠠᠨ ᠵᠶ᠋ᠠᠨ ᠲᠤᠰᠢᠶᠠᠪᠠ᠃ ᠪᠠᠰᠠ ᠲᠡᠭᠦᠨ᠎ᠤ ᠫᠤᠤ ᠵᠡᠪᠰᠡᠭ᠎ᠤᠨ ᠰᠡᠯᠪᠢᠭ ᠲᠣᠨᠣᠭ ᠬᠤᠳᠠᠯᠳᠤᠨ ᠠᠪᠴᠤ ᠫᠤᠤ ᠵᠡᠪᠰᠡᠭ ᠦᠢ᠍ᠯᠡᠳᠬᠦ ᠤᠭ ᠰᠠᠨᠠᠭ᠎ᠠ ᠪᠠ ᠶᠠᠪᠤᠴᠠ᠎ᠪᠠᠨ ᠦᠨᠡᠨ ᠮᠥᠨ ᠵᠶ᠋ᠠᠷ ᠵᠶ᠋ᠠᠨ ᠥᠴᠢᠭᠯᠡᠪᠡ᠃ ᠪᠦᠦ ᠣᠪᠣᠭᠲᠤ ᠬᠤᠪᠢ ᠬᠥᠮᠦᠨ᠎ᠤ ᠳᠤᠷ᠎ᠠ ᠰᠣᠨᠢᠷᠬᠠᠯ ᠪᠠ ᠰᠡᠳᠦᠯᠲᠡ ᠤᠯᠬᠤ ᠵᠢᠨ ᠲᠥᠯᠥᠭᠡ᠂ ᠶᠠᠮᠠᠷ ᠨᠢᠭᠡᠨ ᠲᠠᠪᠴᠠᠩ᠎ᠠᠴᠠ ᠬᠡᠶ᠋ᠢᠲᠦ ᠫᠤᠤ ᠤᠭᠰᠠᠷᠠᠬᠤ ᠶᠠᠪᠤᠴᠠ ᠵᠢ ᠣᠶ᠋ᠢᠯᠠᠭ᠋ᠠᠬᠤ ᠵᠢᠨ ᠬᠠᠮᠲᠤ ᠰᠤᠷᠴᠤ᠂ ᠰᠡᠭᠦᠯᠡᠷ᠎ᠨᠢ ᠶᠠᠮᠠᠷ ᠨᠢᠭᠡᠨ ᠲᠠᠪᠴᠠᠩ ᠵᠶ᠋ᠠᠷ ᠳᠠᠮᠵᠢᠭᠤᠯᠤᠨ ᠬᠡᠶ᠋ᠢᠲᠦ ᠫᠤᠤ ᠤᠭᠰᠠᠷᠠᠬᠤ᠎ᠳᠤ ᠬᠡᠷᠡᠭᠰᠡᠬᠦ ᠫᠤᠤ ᠵᠡᠪᠰᠡᠭ᠎ᠢ ᠬᠤᠳᠠᠯᠳᠤᠨ ᠠᠪᠤᠪᠠ᠃ 2024 ᠣᠨ᠎ᠤ 1 ᠰᠠᠷ᠎ᠠ᠎ᠳᠤ᠂ ᠪᠦᠦ ᠣᠪᠣᠭᠲᠤ ᠭᠠᠨᠵᠤᠭ᠎ᠠ ᠰᠤᠮᠤ ᠵᠢᠨ ᠥᠪᠡᠷᠲᠡᠭᠡᠨ ᠭᠠᠷᠭ᠋ᠠᠭᠰᠠᠨ ᠰᠡᠯᠪᠢᠨ ᠵᠠᠰᠠᠬᠤ ᠭᠠᠵᠠᠷ᠎ᠲᠤ ᠬᠤᠳᠠᠯᠳᠤᠨ ᠠᠪᠤᠭᠰᠠᠨ ᠫᠤᠤ ᠵᠡᠪᠰᠡᠭ᠎ᠤᠨ ᠰᠡᠯᠪᠢᠭ ᠲᠣᠨᠣᠭ ᠵᠶ᠋ᠠᠨ ᠠᠰᠢᠭᠯᠠᠨ ᠫᠤᠤᠳᠠᠵᠤ ᠪᠣᠯᠬᠤ ᠬᠡᠶ᠋ᠢᠲᠦ ᠫᠤᠤ ᠤᠭᠰᠠᠷᠠᠵᠤ᠂ ᠪᠠᠭ᠋ᠠᠲᠠᠯ᠎ᠠ ᠰᠤᠮᠤ ᠵᠢᠨ ᠨᠢᠭᠡᠨ ᠭᠠᠴᠠᠭ᠋ᠠᠨ᠎ᠤ ᠠᠭᠤᠯᠠᠨ ᠳᠡᠭᠡᠷ᠎ᠡ ᠬᠦᠷᠴᠦ ᠲᠤᠷᠰᠢᠵᠤ ᠦᠵᠡᠭᠰᠡᠨ ᠪᠥᠭᠡᠳ ᠠᠮᠵᠢᠯᠲᠠ᠎ᠲᠠᠢ ᠫᠤᠤᠳᠠᠵᠠᠢ᠃
ᠪᠦᠦ ᠣᠪᠣᠭᠲᠤ ᠫᠤᠤ ᠵᠡᠪᠰᠡᠭ᠎ᠢ ᠬᠤᠪᠢ᠎ᠪᠠᠷ ᠵᠶ᠋ᠠᠨ ᠦᠢ᠍ᠯᠡᠳᠬᠦ᠂ ᠬᠠᠳᠠᠭ᠋ᠠᠯᠠᠬᠤ ᠪᠣᠯ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠬᠤ ᠵᠢ ᠰᠠᠢ᠍ᠢ᠍ᠨ ᠮᠡᠳᠡᠵᠤ᠂ ᠬᠡᠶ᠋ᠢᠲᠦ ᠫᠤᠤ ᠵᠢ ᠭᠡᠷ᠎ᠲᠤ᠎ᠪᠠᠨ ᠬᠠᠳᠠᠭ᠋ᠠᠯᠠᠭᠳᠠᠭ᠋ᠠᠳ ᠮᠡᠳᠡᠭᠳᠡᠴᠢᠬᠡᠬᠦᠠᠴᠠ ᠠᠶᠤᠵᠤ᠂ ᠭᠠᠨᠵᠤᠭ᠎ᠠ ᠪᠠᠯᠭ᠋ᠠᠰᠤ ᠵᠢᠨ ᠨᠢᠭᠡᠨ ᠤᠬᠢᠶᠠᠯᠭ᠎ᠠ ᠵᠢᠨ ᠭᠠᠵᠠᠷ᠎ᠤᠨ ᠭᠠᠵᠠᠷ ᠳᠣᠣᠷᠠᠬᠢ ᠤᠰᠤᠨ᠎ᠤ ᠬᠥᠭᠡᠷᠭᠡ ᠵᠢᠨ ᠭᠡᠷ᠎ᠲᠤ ᠠᠵᠢᠯᠯᠠᠬᠤ ᠲᠦᠬᠦᠮ᠎ᠪᠠᠷ᠂ ᠬᠡᠶ᠋ᠢᠲᠦ ᠫᠤᠤ᠂ ᠲᠤᠭᠤᠯᠭ᠋ᠠᠨ ᠰᠤᠮᠤ᠂ ᠬᠡᠶ᠋ᠢᠲᠦ ᠫᠤᠤ ᠵᠢᠨ ᠬᠡᠪ ᠬᠡᠷᠡᠭᠰᠡᠯ ᠵᠡᠷᠭᠡ ᠬᠣᠯᠪᠣᠭᠳᠠᠯ ᠪᠦᠬᠦᠢ ᠲᠤᠨᠤᠭ᠎ᠢ ᠤᠰᠤᠨ ᠬᠥᠭᠡᠷᠭᠡ ᠵᠢᠨ ᠭᠡᠷ ᠳᠣᠲᠣᠷ᠎ᠠ ᠰᠡᠮᠡᠭᠡᠷ ᠨᠢᠭᠤᠪᠠ᠃ ᠣᠳᠣᠬᠠᠨ᠎ᠳᠤ᠂ ᠶᠠᠯ᠎ᠠ ᠬᠢᠭᠰᠡᠨ ᠰᠡᠵᠢᠭᠳᠡᠨ ᠪᠦᠦ ᠣᠪᠣᠭᠲᠤ ᠫᠤᠤ ᠵᠡᠪᠰᠡᠭ ᠰᠤᠮᠤ ᠳᠠᠷᠢ ᠵᠢ ᠬᠠᠤᠯᠢ ᠪᠤᠰᠤ᠎ᠪᠠᠷ ᠦᠢ᠍ᠯᠡᠳᠦᠭᠰᠡᠨ᠂ ᠬᠤᠳᠠᠯᠳᠤᠭ᠋ᠠᠯᠠᠭᠰᠠᠨ᠂ ᠵᠥᠭᠡᠭᠡᠪᠦᠷᠢᠯᠡᠭᠰᠡᠨ᠂ ᠰᠢᠤᠳᠠᠨ ᠵᠶ᠋ᠠᠷ ᠢᠯᠡᠭᠡᠭᠰᠡᠨ᠂ ᠬᠠᠳᠠᠭ᠋ᠠᠯᠠᠭᠰᠠᠨ ᠶᠠᠯ᠎ᠠ ᠬᠢᠭᠰᠡᠨ ᠵᠶ᠋ᠠᠷ ᠰᠡᠵᠢᠭᠯᠡᠭᠳᠡᠵᠦ᠂ ᠨᠢᠭᠡᠨᠲᠡ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠬᠡᠷᠡᠭ᠎ᠢ ᠶᠠᠭ ᠤᠯᠠᠮ ᠨᠢᠭᠡ ᠠᠯᠬᠤᠮ ᠲᠤᠷᠰᠢᠨ ᠪᠠᠶ᠋ᠢᠴᠠᠭ᠋ᠠᠵᠤ ᠪᠠᠶ᠋ᠢᠨ᠎ᠠ᠃