2025 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ᠂ ᠰᠢᠯᠢ ᠵᠢᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠠᠮ᠎ᠤᠨ ᠬᠣᠷᠢᠶ᠎ᠠ
(ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠤᠳᠤᠯᠤᠨ ᠪᠠᠶ᠋ᠢᠷᠢᠯᠠᠭᠤᠯᠵᠤ᠂ ᠰᠢᠯᠢ ᠵᠢᠨ ᠭᠤᠤᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂ ᠰᠢᠯᠢ ᠵᠢᠨ ᠬᠣᠲᠠ ᠵᠢᠨ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠱ᠌ᠢ ᠺᠠᠶ ᠯᠦᠩ ᠶᠠᠷᠢᠶ᠎ᠠ ᠲᠠᠯᠪᠢᠪᠠ᠃ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠪᠦᠬᠦ ᠲᠣᠪᠴᠢᠶᠠᠨ᠎ᠤ ᠡᠯ᠎ᠡ ᠨᠠᠮ᠎ᠤᠨ ᠡᠭᠦᠷ᠎ᠤᠨ ᠱᠦᠵᠢ ᠬᠤᠷᠠᠯ᠎ᠳᠤ ᠣᠷᠣᠯᠴᠠᠪᠠ᠃ ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠭᠦᠢ᠍ᠵᠧᠤ᠂ ᠶᠦᠨᠨᠠᠨ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠶ᠋ᠢᠮᠠᠭ᠎ᠤᠨ ᠨᠠᠮ᠎ᠤᠨ ᠬᠣᠷᠢᠶ᠎ᠠ᠂ ᠬᠣᠲᠠ ᠵᠢᠨ ᠨᠠᠮ᠎ᠤᠨ ᠬᠣᠷᠢᠶᠠᠨ᠎ᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠬᠠᠮᠢᠶ᠎ᠠ ᠪᠥᠬᠥᠶ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠵᠤ᠂
《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠬᠦ ᠲᠤᠬᠠᠶ ᠲᠥᠰᠦᠯ》᠎ᠢ ᠬᠢᠨᠠᠨ ᠵᠥᠪᠯᠡᠵᠦ ᠪᠠᠲᠤᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ 《ᠰᠤᠷᠲᠠᠯ᠎ᠤᠨ ᠪᠠᠶ᠋ᠢᠭᠤᠯᠤᠯᠲᠠ ᠡᠭᠦᠷᠢᠳᠡ ᠵᠤᠬᠰᠤᠰᠢ ᠦᠭᠡᠢ ᠶᠠᠪᠤᠭᠳᠠᠨ᠎ᠠ》 ᠭᠡᠵᠦ ᠴᠢᠬᠤᠯᠠᠴᠢᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠥᠷᠡᠰᠢ ᠦᠭᠡᠢ ᠨᠠᠶ᠋ᠢᠳᠠᠪᠤᠷᠢᠵᠢᠭᠤᠯᠵᠤ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠠᠳᠬᠤᠵᠤ ᠳᠡᠭᠡᠷ᠎ᠡ ᠱᠠᠳᠤ᠎ᠨᠢ ᠳᠣᠣᠷ᠎ᠠ ᠱᠠᠳᠤ᠎ᠪᠠᠨ ᠳᠠᠭ᠋ᠠᠭᠤᠯᠵᠤ᠂ 《ᠲᠦᠷᠪᠡᠨ ᠰᠤᠷᠲᠠᠯ》᠎ᠢ ᠵᠠᠯᠠᠷᠠᠭᠤᠯᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠭᠣᠣᠯᠳᠠᠯᠭ᠎ᠠ᠎ᠲᠠᠢ ᠵᠠᠯᠠᠷᠠᠭᠤᠯᠵᠤ᠂ ᠣᠨᠴᠠ ᠡᠷᠬᠡ ᠵᠢᠨ ᠦᠵᠡᠯ ᠰᠠᠨᠠᠭ᠎ᠠ ᠪᠣᠯᠤᠨ ᠣᠨᠴᠠ ᠡᠷᠬᠡ ᠵᠢᠨ ᠠᠵᠢᠯᠯᠠᠭ᠎ᠠ ᠵᠢ ᠡᠷᠡᠰ ᠠᠷᠢᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠨᠠᠮ᠎ᠤᠨ ᠲᠥᠪ ᠬᠣᠷᠢᠶ᠎ᠠ᠎ᠠᠴᠠ 2025 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠠᠴᠠ ᠨᠠᠭ᠋ᠠᠰᠢ 7 ᠰᠠᠷ᠎ᠠ ᠪᠣᠯᠲᠠᠯ᠎ᠠ ᠪᠦᠬᠦ ᠨᠠᠮ᠎ᠤᠨ ᠬᠡᠪᠴᠢᠶᠡᠨ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ᠎ᠪᠠᠷ ᠲᠣᠭᠲᠠᠪᠠ᠂ ᠡᠨᠡ᠎ᠨᠢ ᠨᠠᠮ᠎ᠤᠨ ᠲᠥᠪ ᠬᠣᠷᠢᠶᠠᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠴᠥᠬᠥᠷᠡᠰᠢ ᠦᠭᠡᠢ ᠠᠬᠢᠭᠤᠯᠬᠤ ᠡᠷᠡᠰ ᠵᠣᠷᠢᠭ᠎ᠢ ᠭᠦᠢ᠍ᠴᠡᠳ ᠢᠯᠡᠷᠡᠭᠦᠯᠵᠦ᠂ ᠰᠤᠷᠲᠠᠯ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ᠎ᠳᠤ ᠦᠨᠳᠦᠰᠦᠨ ᠵᠢᠷᠤᠮᠯᠠᠯ ᠬᠠᠩᠭ᠋ᠠᠵᠠᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠨᠠᠮ ᠪᠣᠯᠤᠨ ᠠᠷᠠᠳ ᠲᠦᠮᠡᠨ᠎ᠤ ᠭᠠᠷ᠎ᠲᠠᠬᠢ 《ᠬᠢᠲᠤᠭ᠎ᠠ》 ᠪᠣᠯᠤᠭᠰᠠᠨ᠎ᠤ ᠬᠤᠪᠢ᠎ᠳᠤ᠂ ᠨᠠᠮ ᠪᠣᠯᠤᠨ ᠠᠷᠠᠳ ᠲᠦᠮᠡᠨ᠎ᠤ ᠠᠰᠢᠭ ᠲᠤᠰᠠ ᠵᠢᠨ ᠰᠢᠳᠤᠷᠭᠤ ᠬᠠᠮᠠᠭ᠋ᠠᠯᠠᠭᠴᠢ ᠮᠥᠨ᠂ ᠡᠷᠬᠡᠪᠰᠢ ᠤᠯᠤᠰ ᠲᠥᠷᠥ ᠵᠢ ᠡᠷᠬᠢᠮᠯᠡᠬᠦ ᠦᠨᠳᠦᠷᠴᠡ᠎ᠠᠴᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠎ᠲᠠᠢ ᠦᠨᠡᠨ ᠬᠦ᠌ ᠨᠢᠭᠡᠳᠬᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠤᠨ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠦᠭᠦᠳᠡ ᠬᠤᠷᠠᠯ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠭᠦᠨᠵᠡᠭᠡᠶ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ ᠢ ᠭᠦᠨᠵᠡᠭᠡᠶ ᠣᠢ᠌ᠯᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ 《ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠪᠦᠬᠦ ᠲᠣᠪᠴᠢᠶᠠᠨ᠎ᠳᠤ ᠥᠷᠨᠢᠭᠦᠯᠬᠦ ᠲᠤᠬᠠᠢ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠵᠤ᠂ ᠳᠥᠭᠥᠮ ᠳᠥᠲᠡ ᠪᠠ ᠪᠣᠳᠠᠲᠠᠶ ᠵᠢ ᠡᠷᠬᠢᠮᠯᠡᠬᠦ᠂ ᠡᠭᠡᠯᠵᠢᠯᠡᠬᠦ ᠦᠭᠡᠢ᠂ ᠱᠠᠲᠤ ᠢᠯᠭ᠋ᠠᠬᠤ ᠦᠭᠡᠢ᠂ ᠨᠢᠭᠡ ᠴᠣᠭᠴᠠᠵᠢᠭᠤᠯᠤᠨ ᠰᠤᠷᠤᠯᠴᠠᠵᠤ ᠪᠠᠶ᠋ᠢᠴᠠᠭ᠋ᠠᠨ ᠥᠭᠡᠷᠡᠴᠢᠯᠡᠬᠦ ᠵᠢ ᠠᠬᠢᠭᠤᠯᠵᠤ᠂ ᠨᠠᠮ᠎ᠤᠨ ᠭᠡᠰᠢᠭᠦᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭ᠋ᠠᠨ᠎ᠤ ᠤᠬᠠᠮᠰᠠᠷ ᠵᠶ᠋ᠠᠨ ᠳᠡᠭᠡᠭᠰᠢᠯᠡᠭᠦᠯᠬᠦ᠂ ᠨᠠᠮ ᠣᠯᠠᠨ ᠲᠦᠮᠡᠨ ᠺᠠᠳ᠋ᠷ ᠣᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠬᠤ ᠵᠢ ᠬᠥᠲᠥᠯᠥᠨ ᠵᠢᠯᠣᠭᠣᠳᠴᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠠᠮ᠎ᠤᠨ ᠲᠡᠷᠢᠭᠦᠨ᠎ᠤ ᠴᠢᠨᠠᠷ ᠴᠡᠪᠡᠷ ᠴᠢᠨᠠᠷ᠎ᠢ ᠪᠠᠲᠤᠯᠠᠬᠤ᠂ ᠠᠷᠠᠳ ᠣᠯᠠᠨ᠎ᠤ ᠢᠲᠡᠭᠡᠯ ᠬᠦᠷᠢᠶᠡᠯᠡᠯ᠎ᠢ ᠲᠠᠰᠤᠷᠠᠯᠲᠠ ᠦᠭᠡᠢ ᠣᠯᠬᠤ ᠵᠢ ᠠᠬᠢᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠲᠥᠯᠥᠭᠡ᠂ ᠣᠳᠣᠬᠢᠴᠢᠯᠠᠭᠰᠠᠨ ᠰᠢᠯᠢ ᠵᠢᠨ ᠬᠣᠲᠠ ᠵᠢ ᠪᠦᠲᠦᠭᠡᠨ ᠪᠠᠶ᠋ᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃