5 ᠰᠠᠷ᠎ᠠ ᠵᠢᠨ 18᠎ᠤ ᠡᠳᠦᠷ᠂ ᠬᠢᠩᠭ᠋ᠠᠨ ᠠᠢ᠌ᠮᠠᠭ᠎ᠤᠨ ᠵᠠᠯᠠᠢ᠌ᠳ ᠬᠤᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠦᠷ ᠬᠣᠷᠢᠬᠤ ᠭᠠᠵᠠᠷ᠎ᠲᠤ ᠢᠨᠳᠡᠷ ᠨᠢᠭᠡᠳᠦᠭᠡᠷ ᠪᠠᠭ᠎ᠠ ᠰᠤᠷᠭ᠋ᠠᠭᠤᠯᠢ ᠪᠠ ᠢᠨᠳᠡᠷ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ ᠪᠠᠭᠰᠢ ᠰᠣᠷᠣᠭᠴᠢ ᠵᠢᠴᠢ ᠭᠡᠷ᠎ᠤᠨ ᠠᠬᠠᠮᠠᠳ ᠬᠠᠮᠲᠤ᠎ᠪᠠᠷ ᠨᠢᠭᠡ ᠤᠳᠠᠭ᠋ᠠᠨ᠎ᠤ ᠥᠪᠡᠷᠮᠢᠴᠡ ᠣᠨᠴᠠᠯᠢᠭ᠎ᠲᠠᠢ ᠰᠡᠷᠡᠮᠵᠢᠯᠡᠭᠦᠯᠬᠦ ᠬᠥᠮᠦᠵᠢᠯ᠎ᠤᠨ ᠬᠢᠴᠢᠶᠡᠯ᠎ᠤᠨ ᠠᠵᠢᠯᠯᠠᠭ᠎ᠠ᠎ᠳᠤ ᠣᠷᠣᠯᠴᠠᠪᠠ᠃

ᠠᠵᠢᠯᠯᠠᠭ᠎ᠠ ᠵᠢᠨ ᠳᠤᠮᠳᠠ᠂ ᠪᠠᠭᠰᠢ ᠰᠤᠷᠤᠭᠴᠢ ᠪᠣᠯᠣᠨ ᠭᠡᠷ᠎ᠤᠨ ᠠᠬᠠᠮᠠᠳ ᠡᠩ ᠲᠡᠷᠢᠭᠦᠨ᠎ᠳᠤ ᠲᠦᠷ ᠬᠣᠷᠢᠬᠤ ᠭᠠᠵᠠᠷ᠎ᠤᠨ ᠬᠣᠷᠢᠭᠤᠯ᠎ᠤᠨ ᠲᠣᠭᠣᠷᠢᠭ᠂ ᠠᠵᠢᠯᠯᠠᠭ᠋ᠠᠨ᠎ᠤ ᠲᠠᠯᠠᠪᠤᠷ ᠵᠡᠷᠭᠡ ᠭᠠᠵᠠᠷ ᠵᠶ᠋ᠠᠷ ᠲᠣᠭᠣᠷᠢᠨ ᠦᠵᠡᠵᠦ᠂ ᠲᠦᠷ ᠬᠣᠷᠢᠭᠳᠠᠭᠰᠠᠳᠤᠨ ᠠᠮᠢᠳᠤᠷᠠᠯ᠎ᠤᠨ ᠣᠷᠴᠢᠨ ᠲᠣᠭᠣᠷᠢᠨ ᠪᠠ ᠪᠠᠢ᠌ᠳᠠᠯ᠎ᠢ ᠣᠢ᠌ᠯᠠᠭ᠋ᠠᠪᠠ᠃ ᠡᠭᠦᠨ᠎ᠤ ᠳᠠᠷᠠᠭ᠎ᠠ᠂ ᠲᠦᠷ ᠬᠣᠷᠢᠬᠤ ᠭᠠᠵᠠᠷ᠎ᠤᠨ ᠠᠷᠠᠳ᠎ᠤᠨ ᠴᠠᠭᠳᠠᠭ᠎ᠠ ᠪᠣᠳᠠᠲᠠᠢ ᠬᠡᠷᠡᠭ᠎ᠤᠨ ᠵᠢᠱ᠌ᠢᠶ᠎ᠡ ᠵᠢᠴᠢ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠲᠠᠢ ᠤᠶᠠᠯᠳᠤᠭᠤᠯᠤᠨ ᠬᠡᠦᠬᠡᠳ᠎ᠤᠳ᠎ᠲᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠬᠦᠨᠳᠦ ᠨᠣᠴᠢᠲᠠᠢ ᠴᠢᠨᠠᠷ ᠵᠢᠴᠢ ᠬᠤᠪᠢ ᠬᠥᠮᠥᠨ᠂ ᠭᠡᠷ ᠪᠦᠯᠢ ᠪᠠ ᠨᠡᠢ᠌ᠭᠡᠮ᠎ᠳᠤ ᠤᠴᠠᠷᠠᠭᠤᠯᠤᠭᠰᠠᠨ ᠯᠤᠲᠤ ᠶᠡᠬᠡ ᠬᠣᠣᠷ ᠬᠥᠨᠥᠭᠡᠯ᠎ᠢ ᠭᠦᠨᠵᠡᠭᠡᠢ ᠪᠥᠭᠡᠳ ᠣᠢ᠌ᠯᠠᠭ᠋ᠠᠮᠵᠢᠲᠠᠢ᠎ᠪᠠᠷ ᠲᠠᠢ᠌ᠯᠪᠤᠷᠢᠯᠠᠵᠤ ᠥᠭᠴᠡᠢ᠃ ᠡᠭᠦᠨ᠎ᠤ ᠵᠡᠷᠭᠡ᠎ᠳᠤ᠂ ᠲᠠᠢ᠌ᠯᠪᠤᠷᠢᠯᠠᠭᠴᠢ 《ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ》 ᠭᠡᠭᠴᠢ ᠶᠠᠭᠤ ᠪᠣᠯᠬᠤ᠂ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠬᠡᠷᠬᠢᠨ ᠰᠡᠷᠭᠡᠢ᠌ᠯᠡᠨ ᠬᠣᠷᠢᠭᠯᠠᠬᠤ᠂ ᠥᠪᠡᠷ᠎ᠢ᠎ᠪᠠᠨ ᠬᠡᠷᠬᠢᠨ ᠬᠠᠮᠠᠭ᠋ᠠᠯᠠᠬᠤ ᠵᠡᠷᠭᠡ ᠮᠡᠳᠡᠯᠭᠡ ᠵᠢ ᠤᠬᠠᠭᠤᠯᠤᠨ ᠲᠠᠢ᠌ᠯᠪᠤᠷᠢᠯᠠᠵᠤ᠂ ᠬᠡᠦᠬᠡᠳ᠎ᠤᠳ᠎ᠲᠤ ᠣᠢ᠌ᠯᠠᠭ᠋ᠠᠭᠤᠯᠵᠤ ᠲᠠᠨᠢᠭᠤᠯᠤᠭᠰᠠᠨ ᠪᠠᠢ᠌ᠨ᠎ᠠ᠃ ᠬᠠᠷᠢᠯᠴᠠᠨ ᠦᠢ᠍ᠯᠡᠳᠦᠯᠴᠡᠬᠦ ᠶᠠᠪᠤᠴᠠ᠎ᠳᠤ᠂ ᠬᠡᠦᠬᠡᠳ᠎ᠤᠳ ᠢᠳᠡᠪᠬᠢᠲᠡᠢ᠎ᠪᠠᠷ ᠠᠰᠠᠭᠤᠯᠲᠠ ᠠᠰᠠᠭᠤᠵᠤ᠂ ᠠᠷᠠᠳ᠎ᠤᠨ ᠴᠠᠭᠳᠠᠭ᠎ᠠ ᠨᠠᠷ ᠬᠦᠯᠢᠴᠡᠩᠭᠦᠢ᠎ᠪᠠᠷ ᠬᠠᠷᠢᠭᠤᠯᠲᠠ ᠥᠭᠴᠦ᠂ ᠬᠠᠤᠯᠢ ᠴᠠᠭ᠋ᠠᠵᠠ ᠵᠢᠨ ᠮᠡᠳᠡᠯᠭᠡ ᠵᠢᠨ ᠲᠤᠬᠠᠢ ᠣᠯᠠᠨ᠎ᠤ ᠣᠢ᠌ᠯᠠᠭ᠋ᠠᠯᠲᠠ ᠪᠠ ᠲᠠᠨᠢᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠡᠢ᠃

ᠲᠣᠰ ᠤᠳᠠᠭ᠋ᠠᠨ᠎ᠤ ᠲᠦᠷ ᠬᠣᠷᠢᠬᠤ ᠭᠠᠵᠠᠷ᠎ᠤᠨ ᠨᠡᠭᠡᠭᠡᠯᠲᠡ ᠵᠢᠨ ᠡᠳᠦᠷ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠢᠴᠢᠶᠡᠯ᠎ᠤᠨ ᠠᠵᠢᠯᠯᠠᠭ᠎ᠠ ᠲᠡᠭᠦᠰ ᠠᠮᠵᠢᠯᠲᠠ ᠣᠯᠵᠠᠢ᠂ ᠭᠡᠷ᠎ᠤᠨ ᠠᠬᠠᠮᠠᠳ ᠢᠯᠡᠷᠬᠡᠢ᠌ᠯᠡᠬᠦ᠎ᠳᠤ᠎ᠪᠠᠨ᠂ ᠲᠣᠰ ᠤᠳᠠᠭ᠋ᠠᠨ᠎ᠤ ᠠᠵᠢᠯᠯᠠᠭ᠎ᠠ᠎ᠨᠢ ᠮᠠᠰᠢ ᠶᠡᠬᠡ ᠠᠴᠢ ᠬᠣᠯᠪᠣᠭᠳᠠᠯ᠎ᠲᠠᠢ ᠪᠠᠢ᠌ᠵᠤ᠂ ᠬᠡᠦᠬᠡᠳ᠎ᠤᠳ᠎ᠢ ᠬᠠᠤᠯᠢ ᠴᠠᠭ᠋ᠠᠵᠠ ᠵᠢᠨ ᠲᠥᠪ ᠴᠢᠩᠭ᠎ᠠ ᠴᠢᠨᠠᠷᠲᠠᠢ ᠣᠢ᠌ᠷᠠᠲᠤᠭᠤᠯᠵᠤ᠂ ᠲᠡᠳᠡᠨ᠎ᠤ ᠵᠥᠪ ᠥᠷᠲᠡᠭ᠎ᠤᠨ ᠦᠵᠡᠯᠲᠡ ᠪᠠ ᠬᠠᠤᠯᠢ᠎ᠪᠠᠷ ᠵᠠᠰᠠᠬᠤ ᠦᠵᠡᠯᠲᠡ ᠵᠢ ᠬᠠᠷᠠᠬᠠᠨ ᠪᠠᠭ᠎ᠠ᠎ᠠᠴᠠ᠎ᠨᠢ ᠬᠥᠮᠥᠵᠢᠭᠦᠯᠬᠦ᠎ᠳᠤ ᠠᠰᠢᠭᠲᠠᠢ ᠶᠤᠮ ᠭᠡᠵᠡᠢ᠃ ᠲᠤᠭ ᠤᠳᠠᠭ᠋ᠠᠨ᠎ᠤ ᠠᠵᠢᠯᠯᠠᠭ᠎ᠠ᠎ᠨᠢ᠂ ᠪᠠᠭ᠎ᠠ ᠰᠤᠷᠭ᠋ᠠᠭᠤᠯᠢ ᠵᠢᠨ ᠪᠠᠭᠰᠢ ᠰᠤᠷᠤᠭᠴᠢᠳ ᠵᠢᠴᠢ ᠭᠡᠷ᠎ᠤᠨ ᠠᠬᠠᠮᠠᠳ᠎ᠲᠤ ᠬᠠᠤᠯᠢ᠎ᠪᠠᠷ ᠵᠠᠰᠠᠬᠤ ᠬᠥᠮᠦᠵᠢᠯ᠎ᠤᠨ ᠭᠦᠨᠵᠡᠭᠡᠢ ᠬᠢᠴᠢᠶᠡᠯ ᠣᠷᠣᠵᠤ ᠥᠭᠭᠦᠭᠰᠡᠨ ᠵᠶ᠋ᠡᠷ ᠪᠠᠷᠠᠬᠤ ᠦᠭᠡᠢ᠂ ᠪᠠᠰᠠ ᠨᠡᠢ᠌ᠭᠡᠮ ᠨᠡᠶ᠋ᠢᠲᠡ ᠵᠢᠨ ᠬᠠᠤᠯᠢ ᠬᠡᠷᠡᠭᠵᠢᠭᠦᠯᠬᠦ ᠠᠵᠢᠯ᠎ᠤᠨ ᠲᠤᠬᠠᠢ ᠣᠢ᠌ᠯᠠᠭ᠋ᠠᠯᠲᠠ ᠪᠠ ᠳᠡᠮᠵᠢᠯᠭᠡ ᠵᠢ ᠤᠯᠠᠮ ᠨᠢᠭᠡ ᠠᠯᠬᠤᠮ ᠠᠬᠢᠭᠤᠯᠪᠠ᠃