ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠰᠢᠯᠤᠭᠤᠨ ᠬᠥᠬᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠬᠤᠸᠠᠷᠠᠨ᠎ᠤ ᠨᠡᠭᠡᠭᠡᠯᠲᠡ ᠵᠢᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-03-30

      ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠠᠴᠠ ᠡᠮᠦᠨᠡᠬᠡᠨ᠂ ᠰᠢᠯᠢ ᠵᠢᠨ ᠭᠤᠤᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 30 ᠭᠠᠷᠤᠶ ᠪᠠᠭᠰᠢ ᠰᠤᠷᠤᠭᠴᠢᠳ᠎ᠢ ᠤᠷᠢᠵᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠲᠥᠪ᠎ᠲᠤ ᠴᠠᠭᠳᠠᠭ᠋ᠠᠨ᠎ᠤ ᠬᠤᠸᠠᠷᠠᠨ᠎ᠤ ᠨᠡᠭᠡᠭᠡᠯᠲᠡ ᠵᠢᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠦᠰᠦᠨ ᠪᠣᠶ᠋ᠢᠵᠢᠯᠲᠠ ᠵᠢᠨ ᠣᠨᠴᠠᠯᠢᠭ᠎ᠲᠤ ᠴᠢᠭᠯᠡᠭᠦᠯᠦᠨ᠂ ᠣᠶ᠋ᠢᠷ᠎ᠠ ᠵᠢᠨ ᠵᠢᠯ᠎ᠳᠤ ᠡᠭᠦᠰᠦᠭᠰᠡᠨ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠵᠥᠷᠢᠴᠡᠵᠦ ᠶᠠᠯ᠎ᠠ ᠬᠢᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠵᠤ᠂ ᠬᠠᠤᠯᠢ ᠴᠠᠭ᠋ᠠᠵᠠ᠎ᠪᠠᠷ ᠶᠣᠰᠣ ᠵᠢ ᠣᠢ᠌ᠯᠠᠭ᠋ᠠᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ᠂ ᠨᠠᠰᠤᠨ᠎ᠳᠤ ᠥᠯᠥ ᠭᠦᠷᠦᠭᠰᠡᠳ᠎ᠤᠨ ᠶᠠᠯ᠎ᠠ ᠬᠢᠬᠦ ᠵᠢ ᠰᠡᠷᠭᠡᠶ᠋ᠢᠯᠡᠬᠦ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠡᠰᠡᠷᠭᠦᠴᠡᠬᠦ᠂ ᠴᠠᠬᠢᠯᠭ᠋ᠠᠨ ᠬᠣᠯᠪᠣᠭ᠎ᠠ᠎ᠪᠠᠷ ᠮᠡᠬᠡᠯᠡᠬᠦ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠮᠡᠳᠡᠯᠭᠡ ᠵᠢ ᠪᠠᠭᠰᠢ ᠰᠤᠷᠤᠭᠴᠢᠳ᠎ᠲᠤ ᠲᠠᠶ᠋ᠢᠯᠪᠤᠷᠢᠯᠠᠵᠤ᠂ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠬᠠᠤᠯᠢ᠎ᠪᠠᠷ ᠵᠠᠰᠠᠬᠤ ᠦᠵᠡᠯᠲᠡ᠂ ᠰᠡᠷᠭᠡᠶ᠋ᠢᠯᠡᠬᠦ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ᠎ᠨᠢ ᠴᠢᠩᠭ᠋ᠠᠷᠠᠭᠤᠯᠪᠠ᠃

开放日.jpg

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ