ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠯ᠂ ᠡᠶ᠎ᠡ ᠵᠣᠬᠢᠴᠠᠩᠭᠤᠶ᠂ ᠲᠣᠭᠲᠠᠭᠤᠨ ᠪᠠᠶ᠋ᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠤᠯᠭ᠋ᠠᠬᠤ ᠵᠢᠨ ᠲᠥᠯᠥᠭᠡ᠂ ᠣᠢ᠌ᠷ᠎ᠠ᠎ᠶᠢᠨ ᠡᠳᠦᠷ᠎ᠲᠤ᠂ ᠰᠢᠯᠢ᠎ᠶᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠦ ᠬᠤᠰᠢᠭᠤᠨ᠎ᠤ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ》 ᠪᠠᠷ ᠭᠤᠤᠯ ᠰᠡᠳᠦᠪ ᠪᠣᠯᠭ᠋ᠠᠭᠰᠠᠨ 2025 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠪᠠᠷᠠᠭᠤᠨ ᠦᠵᠦᠮᠦᠴᠢᠨ ᠬᠤᠰᠢᠭᠤᠨ᠎ᠤ ᠲᠤᠲᠤᠭ᠋ᠠᠲᠦ ᠵᠢ ᠬᠠᠮᠠᠭ᠋ᠠᠯᠠᠬᠤ ᠲᠤᠪᠴᠢᠶᠠᠨ᠎ᠤ᠎ᠬᠢᠨ ᠤᠬᠠᠭᠤᠯᠭ᠎ᠠ ᠵᠢᠨ ᠦᠵᠡᠬᠦᠯᠦᠯᠭᠡ ᠵᠢᠨ ᠲᠠᠶ᠋ᠢᠰᠠ ᠵᠢ ᠪᠠᠶ᠋ᠢᠷᠢᠯᠠᠭᠤᠯᠵᠦ᠂ ᠤᠯᠠᠨ ᠲᠦᠮᠡᠨ᠎ᠲᠠᠢ ᠨᠢᠭᠤᠷᠳᠠᠨ ᠶᠠᠷᠢᠯᠴᠠᠵᠦ᠂ ᠨᠠᠮ᠎ᠤᠨ ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠲᠦᠷᠦ ᠵᠢᠨ ᠪᠤᠲᠤᠯᠭ᠎ᠠ ᠵᠢᠨ ᠤᠬᠠᠭᠤᠯᠭ᠎ᠠ ᠵᠢᠨ ᠲᠡᠪᠲᠡᠷ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠲᠠᠮᠵᠢᠨ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠤᠨ ᠰᠤᠶᠤᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ 《ᠪᠦᠬᠦᠳᠡ ᠨᠠᠶ᠋ᠢᠷᠠᠮᠳᠠᠬᠤ ᠲᠤᠮᠳᠠᠲᠦ ᠠᠷᠠᠳ ᠤᠯᠤᠰ᠎ᠤᠨ ᠦᠨᠳᠦᠰᠦᠨ ᠬᠠᠤᠯᠢ》᠂ 《 ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠣᠯᠣᠰ᠎ᠤᠨ ᠣᠯᠣᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠥᠯᠢ》᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠠᠬᠢᠭᠤᠯᠬᠤ ᠲᠦᠷᠢᠮ》᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠎ᠶᠢ ᠠᠬᠢᠭᠤᠯᠬᠤ ᠲᠦᠷᠢᠮ ᠲᠤᠭᠳᠠᠭ᠋ᠠᠯ》 ᠵᠡᠷᠭᠡ ᠲᠦᠷᠦ ᠵᠢᠨ ᠪᠤᠲᠤᠯᠭ᠎ᠠ ᠬᠠᠤᠯᠢ ᠲᠦᠷᠢᠮ᠎ᠢ ᠦᠷᠭᠡᠨ ᠵᠶ᠋ᠠᠷ ᠤᠬᠠᠭᠤᠯᠵᠦ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠲᠤᠯᠭ᠎ᠠ ᠵᠢᠴᠢ ᠬᠤᠯᠪᠤᠭᠳᠠᠯ ᠪᠦᠬᠦᠢ ᠬᠠᠤᠯᠢ ᠴᠠᠭ᠋ᠠᠵᠠ ᠬᠠᠤᠯᠢ ᠲᠦᠷᠢᠮ᠎ᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠵᠠᠢ᠃ ᠲᠣᠰ ᠤᠳᠠᠭ᠋ᠠᠨ᠎ᠤ ᠠᠵᠢᠯᠯᠠᠭ᠎ᠠ᠎ᠳᠤ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠳᠡᠪᠲᠡᠷ᠎ᠢ 200 ᠭᠠᠷᠤᠶ ᠳᠡᠪᠲᠡᠷ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠮᠠᠲ᠋ᠧᠷᠢᠶᠠᠯ᠎ᠢ 400 ᠭᠠᠷᠤᠶ ᠬᠤᠪᠢ᠂ ᠤᠬᠠᠭᠤᠯᠭ᠎ᠠ ᠵᠢᠨ ᠪᠣᠳᠠᠰ᠎ᠢ 100 ᠭᠠᠷᠤᠶ ᠬᠤᠪᠢ ᠲᠠᠷᠬᠠᠭ᠋ᠠᠪᠠ᠃ ᠡᠭᠦᠨ᠎ᠤ ᠬᠠᠮᠲᠤ᠂ ᠠᠷᠠᠳ᠎ᠤᠨ ᠴᠠᠭᠳᠠᠭ᠎ᠠ ᠪᠠᠰᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠣᠯᠠᠨ ᠲᠦᠮᠡᠨ᠎ᠳᠤ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠤᠷᠢᠳᠴᠢᠯᠠᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠤᠬᠠᠭᠤᠯᠤᠨ ᠲᠠᠶ᠋ᠢᠯᠪᠤᠷᠢᠯᠠᠪᠠ᠃

ᠲᠠᠷᠠᠭ᠋ᠠᠴᠢ ᠵᠢᠨ ᠠᠯᠬᠤᠮ᠎ᠳᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠡᠭᠦᠷᠭᠡ ᠴᠢᠳᠠᠪᠤᠷᠢ᠎ᠳᠤ᠎ᠪᠠᠨ ᠰᠠᠭᠤᠷᠢᠯᠠᠨ᠂ ᠦᠨᠳᠦᠰᠦᠲᠡᠨ᠎ᠤ ᠠᠵᠢᠯ᠎ᠢ ᠪᠣᠳᠠᠲᠠᠶ᠋ᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ ᠵᠢ ᠴᠢᠷᠮᠠᠶ᠋ᠢᠨ ᠠᠬᠢᠭᠤᠯᠵᠤ᠂ ᠪᠥᠬᠦ ᠬᠤᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠳᠤ ᠨᠠᠩ ᠣᠯᠠᠨ ᠬᠦᠴᠦᠨ ᠴᠢᠳᠠᠯ ᠵᠶ᠋ᠠᠨ ᠡᠷᠭᠦᠨ᠎ᠡ᠃