ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12 ᠵᠦᠢ᠍ᠯ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠢᠨ᠎ᠡ ᠠᠷᠭ᠎ᠠ ᠬᠡᠮᠵᠢᠶ᠎ᠡ ᠭᠡᠵᠦ ᠶᠠᠭᠤ ᠵᠢ ᠵᠢᠭ᠋ᠠᠵᠣ ᠪᠠᠢ᠌ᠭ᠎ᠠ ᠪᠣᠶ?
ᠨᠡᠶ᠋ᠢᠲᠡᠯᠡᠭᠰᠡᠨ ᠴᠠᠭ᠄ 2020-11-24

          ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12 ᠵᠦᠢ᠍ᠯ᠎ᠤᠨ

          ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠢᠨ᠎ᠡ ᠠᠷᠭ᠎ᠠ ᠬᠡᠮᠵᠢᠶ᠎ᠡ

          ᠭᠡᠵᠦ ᠶᠠᠭᠤ ᠵᠢ ᠵᠢᠭ᠋ᠠᠵᠣ ᠪᠠᠢ᠌ᠭ᠎ᠠ ᠪᠣᠶ?

      ᠨᠢᠭᠡ᠂ ᠮᠣᠲ᠋ᠣᠷ ᠲᠡᠷᠭᠡ ᠵᠢᠯᠣᠭᠣᠳᠬᠤ ᠦᠨᠡᠮᠯᠡᠯ᠎ᠤᠨ ᠪᠥᠬᠥ ᠤᠯᠤᠰ᠎ᠲᠤ 《ᠨᠢᠭᠡ ᠦᠨᠡᠮᠯᠡᠯ ᠵᠶ᠋ᠠᠷ ᠨᠡᠶ᠋ᠢᠳᠡᠮ ᠰᠢᠯᠭ᠋ᠠᠬᠤ》 ᠵᠢ ᠬᠡᠷᠡᠭᠵᠢᠭᠦᠯᠦᠨ᠎ᠡ
      ᠭᠤᠶᠤᠴᠢᠯᠠᠭᠴᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠷ ᠵᠶ᠋ᠠᠨ ᠪᠦᠬᠦ ᠤᠯᠤᠰ᠎ᠤᠨ ᠬᠡᠪᠴᠢᠶᠡᠨ᠎ᠳᠤ ᠳᠣᠷ᠎ᠠ ᠵᠢᠨ ᠨᠢᠭᠡ ᠭᠠᠵᠠᠷ᠎ᠲᠤ ᠮᠣᠲ᠋ᠣᠷ ᠲᠡᠷᠭᠡ ᠵᠢᠯᠣᠭᠣᠳᠬᠤ ᠦᠨᠡᠮᠯᠡᠯ ᠭᠤᠶᠤᠴᠢᠯᠠᠨ ᠠᠪᠣᠪᠠᠯ᠂ ᠣᠷᠣᠰᠢᠨ ᠰᠠᠭᠤᠬᠤ ᠦᠨᠡᠮᠯᠡᠯ ᠪᠤᠶᠤ ᠣᠷᠣᠰᠢᠨ ᠰᠠᠭᠤᠬᠤ ᠳᠠᠩᠰᠠᠯᠠᠯ᠎ᠤᠨ ᠭᠡᠷᠡᠴᠢ ᠪᠠᠷᠢᠮᠲᠠ ᠵᠢ ᠳᠠᠬᠢᠨ ᠲᠤᠰᠢᠶᠠᠬᠤ ᠴᠢᠬᠤᠯᠠ ᠦᠭᠡᠢ᠃
    ᠬᠣᠶᠠᠷ᠂ ᠮᠣᠲ᠋ᠣᠷ ᠲᠡᠷᠭᠡᠨ᠎ᠤ ᠲᠠᠩᠰᠠ ᠰᠢᠯᠵᠢᠭᠦᠯᠬᠦ ᠭᠠᠷ ᠭᠦᠢ᠍ᠴᠡᠳᠬᠡᠯ᠎ᠢ ᠣᠨᠳᠣᠤ ᠭᠠᠵᠠᠷ᠎ᠲᠤ ᠨᠡᠶ᠋ᠢᠳᠡᠮ ᠭᠦᠢ᠍ᠴᠡᠳᠬᠡᠬᠦ ᠵᠢ ᠬᠡᠷᠡᠭᠵᠢᠭᠦᠯᠦᠨ᠎ᠡ᠃
      ᠮᠣᠲ᠋ᠣᠷ ᠲᠡᠷᠭᠡᠨ᠎ᠤ ᠲᠠᠩᠰᠠ ᠰᠢᠯᠵᠢᠭᠦᠯᠬᠦ ᠵᠢ ᠳᠡᠩᠰᠡᠯᠡᠨ ᠲᠡᠮᠳᠡᠭᠯᠡᠭᠦᠯᠬᠦ᠎ᠳᠤ᠂ ᠲᠡᠷᠭᠡ ᠬᠥᠰᠬᠡ ᠵᠢᠨ ᠮᠡᠳᠡᠭᠡ ᠵᠠᠩᠭᠢ ᠵᠢ ᠲᠣᠤᠷ ᠰᠦᠯᠵᠢᠶᠡᠨ ᠳᠡᠭᠡᠷ᠎ᠡ ᠳᠠᠮᠵᠢᠭᠤᠯᠤᠨ ᠬᠦᠷᠭᠡᠵᠦ᠂ ᠭᠤᠶᠤᠴᠢᠯᠠᠭᠴᠢ ᠲᠡᠷᠭᠡ ᠬᠥᠰᠬᠡ ᠵᠢᠨ ᠰᠢᠯᠵᠢᠵᠦ ᠣᠷᠣᠬᠤ ᠭᠠᠵᠠᠷ᠎ᠤᠨ ᠲᠡᠷᠭᠡ ᠬᠥᠰᠬᠡ ᠵᠢᠨ ᠬᠠᠮᠢᠶᠠᠷᠤᠯᠲᠠ ᠵᠢᠨ ᠭᠠᠵᠠᠷ᠎ᠲᠤ ᠰᠢᠭᠤᠳ ᠬᠦᠷᠴᠦ ᠭᠦᠢ᠍ᠴᠡᠳᠭᠡᠭᠦᠯᠬᠦ᠎ᠪᠠᠷ ᠭᠤᠶᠤᠴᠢᠯᠠᠵᠤ ᠪᠣᠯᠤᠨ᠎ᠠ᠃
      ᠭᠣᠷᠪᠠ᠂ ᠬᠤᠪᠢ ᠵᠢᠨ ᠮᠠᠰᠢᠨ ᠲᠡᠷᠭᠡ ᠵᠢ ᠳᠠᠩᠰᠠᠯᠠᠭᠤᠯᠬᠤ᠎ᠳᠤ ᠪᠡᠶ᠎ᠡ ᠵᠢᠨ ᠦᠨᠡᠮᠯᠡᠯ ᠠᠪᠴᠤ ᠪᠦᠬᠦ ᠮᠤᠵᠢ᠎ᠳᠤ ᠨᠡᠶ᠋ᠢᠳᠡᠮ ᠭᠦᠢ᠍ᠴᠡᠳᠬᠡᠬᠦ ᠵᠢ ᠲᠤᠷᠰᠢᠨ ᠬᠡᠷᠡᠭᠵᠢᠭᠦᠯᠦᠨ᠎ᠡ᠃
     12 ᠮᠤᠵᠢ ᠣᠷᠣᠨ (ᠲᠣᠭᠣᠷᠢᠭ)᠎ᠳᠤ ᠵᠢᠵᠢᠭ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ ᠵᠢ ᠳᠠᠩᠰᠠᠯᠠᠭᠣᠯᠬᠣ᠎ᠳᠤ ᠪᠡᠶ᠎ᠡ ᠵᠢᠨ ᠦᠨᠡᠮᠯᠡᠯ ᠠᠪᠴᠤ ᠨᠡᠶ᠋ᠢᠳᠡᠮ ᠭᠦᠢ᠍ᠴᠡᠳᠭᠡᠬᠦ ᠵᠢ ᠲᠤᠷᠰᠢᠨ ᠬᠡᠷᠡᠭᠵᠢᠭᠦᠯᠵᠡᠶ᠃ ᠲᠣᠰ ᠮᠤᠵᠢ ᠵᠢᠨ ᠡᠷᠦᠬᠡ ᠠᠮᠠ ᠵᠢᠨ ᠳᠠᠩᠰᠠ᠎ᠲᠠᠢ ᠰᠠᠭᠤᠭ᠋ᠠᠯᠢ ᠠᠷᠠᠳ ᠮᠤᠵᠢ ᠵᠢᠨ ᠳᠣᠲᠣᠷᠠᠬᠢ ᠣᠨᠳᠣᠤ ᠭᠠᠵᠠᠷ᠎ᠲᠤ ᠰᠢᠨ᠎ᠡ ᠲᠡᠷᠭᠡ ᠳᠠᠩᠰᠠᠯᠠᠭᠤᠯᠤᠨ ᠲᠡᠮᠳᠡᠭᠯᠡᠭᠦᠯᠬᠦ᠎ᠳᠤ᠂ ᠭᠤᠶᠤᠴᠢᠯᠠᠭᠴᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠷ ᠰᠢᠭᠤᠳ ᠭᠤᠶᠤᠴᠢᠯᠠᠵᠤ ᠪᠣᠯᠤᠨ᠎ᠠ᠂ ᠣᠷᠣᠰᠢᠨ ᠰᠠᠭᠣᠬᠣ ᠦᠨᠡᠮᠯᠡᠯ ᠪᠤᠶᠤ ᠣᠷᠣᠰᠢᠨ ᠰᠠᠭᠤᠬᠤ ᠳᠠᠩᠰᠠᠯᠠᠯ᠎ᠤᠨ ᠭᠡᠷᠡᠴᠢ ᠪᠠᠷᠢᠮᠲᠠ ᠲᠤᠰᠢᠶᠠᠬᠤ ᠴᠢᠬᠤᠯᠠ ᠦᠭᠡᠢ᠃
    ᠳᠦᠷᠪᠡ᠂ ᠭᠠᠷ ᠳᠠᠮᠵᠢᠭᠰᠠᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠦᠶ᠎ᠡ ᠵᠢᠨ ᠫᠠᠶ᠋ᠢᠰᠠ ᠵᠢ ᠣᠨᠳᠣᠤ ᠭᠠᠵᠠᠷ᠎ᠲᠤ ᠨᠡᠶ᠋ᠢᠳᠡᠮ ᠭᠦᠢ᠍ᠴᠡᠳᠬᠡᠬᠦ ᠵᠢ ᠬᠡᠷᠡᠭᠵᠢᠭᠦᠯᠦᠨ᠎ᠡ᠃
      ᠭᠠᠷ ᠳᠠᠮᠵᠢᠭᠰᠠᠨ ᠲᠡᠷᠭᠡ ᠵᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ   ᠮᠠᠰᠢᠨ ᠲᠡᠷᠭᠡ ᠬᠤᠳᠠᠯᠳᠤᠨ ᠠᠪᠴᠤ ᠭᠠᠳᠠᠭ᠋ᠠᠳᠣ᠎ᠳᠤ ᠭᠠᠷᠭ᠋ᠠᠬᠤ᠎ᠳᠤ᠂ ᠲᠦᠷ ᠴᠠᠭ᠎ᠤᠨ ᠲᠡᠷᠭᠡ ᠶᠠᠪᠤᠭᠤᠯᠬᠤ ᠨᠣᠮᠧᠷ᠎ᠤᠨ ᠫᠠᠶ᠋ᠢᠰᠠ ᠵᠢ ᠰᠢᠭᠤᠳ ᠭᠤᠶᠤᠴᠢᠯᠠᠨ ᠠᠪᠴᠤ ᠪᠣᠯᠤᠨ᠎ᠠ; ᠣᠨᠳᠣᠤ ᠭᠠᠵᠠᠷ᠎ᠠᠴᠠ ᠲᠡᠷᠭᠡ ᠬᠥᠰᠬᠡ ᠬᠤᠳᠠᠯᠳᠤᠨ ᠠᠪᠬᠤ᠎ᠳᠤ ᠬᠠᠷᠢᠶᠠᠯᠠᠭᠳᠠᠪᠠᠯ᠂   ᠮᠠᠰᠢᠨ ᠲᠡᠷᠭᠡ ᠳᠠᠩᠰᠠᠯᠠᠭᠣᠯᠣᠭᠰᠠᠨ ᠭᠠᠵᠠᠷ᠎ᠲᠤ ᠲᠦᠷ ᠴᠠᠭ᠎ᠤᠨ ᠨᠣᠮᠧᠷ᠎ᠤᠨ ᠫᠠᠶ᠋ᠢᠰᠠ ᠵᠢ ᠰᠢᠭᠤᠳ ᠭᠤᠶᠤᠴᠢᠯᠠᠨ ᠠᠪᠴᠤ ᠪᠣᠯᠤᠨ᠎ᠠ᠃
    ᠲᠠᠪᠣ᠂   ᠮᠠᠰᠢᠨ ᠲᠡᠷᠭᠡ ᠵᠢᠨ ᠦᠯᠦ ᠪᠠᠶ᠋ᠢᠴᠠᠭ᠋ᠠᠬᠤ ᠬᠡᠪᠴᠢᠶ᠎ᠡ ᠵᠢ ᠥᠷᠭᠡᠳᠬᠡᠨ᠎ᠡ᠃
     6 ᠵᠢᠯ᠎ᠤᠨ ᠳᠣᠲᠣᠷᠠᠬᠢ 7 — 9 ᠰᠠᠭᠣᠳᠠᠯ᠎ᠤᠨ ᠡᠵᠡᠩᠨᠡᠯᠲᠡ ᠵᠢᠨ ᠪᠤᠰᠤ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ (ᠮᠢᠶᠠᠨᠪᠣᠤ ᠲᠡᠷᠭᠡ ᠪᠠᠭᠲᠠᠬᠤ ᠥᠬᠡᠶ) ᠵᠢ ᠥᠯᠥ ᠪᠠᠶ᠋ᠢᠴᠠᠭ᠋ᠠᠬᠤ ᠬᠡᠪᠴᠢᠶᠡᠨ᠎ᠳᠤ ᠣᠷᠣᠭᠤᠯᠤᠨ᠎ᠠ᠃ 6 ᠵᠢᠯ᠎ᠤᠨ ᠳᠣᠲᠣᠷᠠᠬᠢ 6 ᠰᠠᠭᠤᠳᠠᠯ᠎ᠠᠴᠠ ᠳᠣᠷᠣᠭᠰᠢᠬᠢ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ (ᠮᠢᠶᠠᠨᠪᠣᠤ ᠲᠡᠷᠭᠡ ᠪᠠᠭᠲᠠᠬᠤ ᠥᠬᠡᠶ) ᠵᠢ ᠪᠠᠶ᠋ᠢᠴᠠᠭ᠋ᠠᠬᠤ᠎ᠠᠴᠠ ᠭᠡᠯᠳᠦᠷᠢᠭᠦᠯᠦᠨ᠎ᠡ᠃ 6 ᠵᠢᠯ᠎ᠤᠨ ᠳᠣᠲᠣᠷᠠᠬᠢ 9 ᠰᠠᠭᠤᠳᠠᠯ᠎ᠠᠴᠠ ᠳᠣᠷᠣᠭᠰᠢᠬᠢ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ (ᠮᠢᠶᠠᠨᠪᠣᠤ ᠲᠡᠷᠭᠡ ᠪᠠᠭᠲᠠᠬᠤ ᠥᠬᠡᠶ) ᠵᠢ ᠪᠠᠶ᠋ᠢᠴᠠᠭ᠋ᠠᠬᠤ᠎ᠠᠴᠠ ᠭᠡᠯᠳᠦᠷᠢᠭᠦᠯᠦᠨ᠎ᠡ᠃ ᠠᠩᠬᠠᠷᠬᠤ᠎ᠨᠢ᠄ ᠮᠢᠶᠠᠨᠪᠣᠤ ᠲᠡᠷᠭᠡ᠂ ᠬᠠᠤᠯᠢ ᠶᠣᠰᠣᠭ᠋ᠠᠷ ᠰᠢᠳᠬᠡᠭᠳᠡᠭᠰᠡᠨ ᠲᠡᠷᠭᠡ ᠵᠢ ᠬᠠᠤᠯᠢ ᠪᠤᠰᠤ᠎ᠪᠠᠷ ᠦᠭᠡᠷᠡᠴᠢᠯᠡᠨ ᠤᠭᠰᠠᠷᠠᠭᠰᠠᠨ᠂ ᠬᠥᠮᠦᠨ ᠬᠠᠷ᠎ᠠ ᠦᠬᠦᠵᠦ ᠰᠢᠷᠬᠠᠲᠤᠭᠰᠠᠨ ᠵᠠᠮ ᠬᠠᠷᠢᠯᠴᠠᠭ᠋ᠠᠨ᠎ᠤ ᠡᠨᠳᠡᠯ ᠭᠠᠷᠭ᠋ᠠᠭᠰᠠᠨ ᠲᠡᠷᠭᠡ᠎ᠳᠤ ᠦᠯᠦ ᠪᠠᠶ᠋ᠢᠴᠠᠭ᠋ᠠᠬᠤ᠎ᠠᠴᠠ ᠬᠡᠯᠳᠦᠷᠢᠭᠦᠯᠬᠦ ᠲᠥᠷᠥ ᠵᠢᠨ ᠪᠣᠳᠣᠯᠭ᠎ᠠ ᠵᠢ ᠣᠯᠭᠤᠬᠤ ᠦᠭᠡᠢ᠃ ᠦᠢ᠍ᠯᠡᠳᠪᠦᠷᠢ᠎ᠠᠴᠠ ᠭᠠᠷᠤᠭᠰᠠᠨ ᠡᠳᠦᠷ᠎ᠠᠴᠠ ᠡᠬᠢᠯᠡᠨ 4 ᠵᠢᠯ ᠬᠡᠲᠦᠷᠡᠲᠡᠯ᠎ᠡ ᠳᠠᠩᠰᠠᠯᠠᠭᠤᠯᠬᠤ ᠭᠠᠷ ᠭᠦᠢ᠍ᠴᠡᠳᠬᠡᠯ ᠬᠢᠭᠰᠡᠨ ᠦᠭᠡᠢ ᠲᠡᠷᠭᠡ ᠵᠢ 6 ᠵᠢᠯ᠎ᠤᠨ ᠳᠣᠲᠣᠷ᠎ᠠ ᠦᠯᠦ ᠪᠠᠶ᠋ᠢᠴᠠᠭ᠋ᠠᠬᠤ᠎ᠠᠴᠠ ᠬᠡᠯᠳᠦᠷᠢᠭᠦᠯᠬᠦ ᠲᠦᠷᠦ ᠵᠢᠨ ᠪᠤᠳᠤᠯᠭ᠎ᠠ ᠵᠢ ᠣᠯᠭᠤᠬᠤ ᠦᠭᠡᠢ᠃
    ᠵᠢᠷᠭᠣᠭ᠎ᠠ᠂ ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ ᠭᠤᠶᠤᠴᠢᠯᠠᠬᠤ ᠨᠠᠰᠤᠨ᠎ᠤ ᠬᠢᠵᠠᠭ᠋ᠠᠷ᠎ᠢ ᠤᠷᠳᠤᠳᠬᠠᠨ᠎ᠠ᠃ ᠵᠢᠵᠢᠭ ᠬᠡᠯᠪᠡᠷᠢ ᠵᠢᠨ ᠮᠠᠰᠢᠨ ᠲᠡᠷᠭᠡ᠂ ᠵᠢᠵᠢᠭ ᠬᠡᠯᠪᠡᠷᠢ ᠵᠢᠨ ᠠᠦ᠋ᠲ᠋ᠣ᠋ ᠮᠠᠰᠢᠨ ᠲᠡᠷᠭᠡ᠂ ᠬᠥᠩᠭᠡᠨ ᠮᠣᠲ᠋ᠣᠷ ᠲᠡᠷᠭᠡ ᠵᠢᠯᠣᠭᠣᠳᠬᠤ ᠦᠨᠡᠮᠯᠡᠯ ᠭᠤᠶᠤᠴᠢᠯᠠᠬᠤ ᠨᠠᠰᠤᠨ᠎ᠤ   ᠬᠢᠵᠠᠭ᠋ᠠᠷ᠎ᠢ ᠪᠦᠬᠦᠯᠢ 70 ᠨᠠᠰᠤ ᠪᠠᠢ᠌ᠭᠰᠠᠨ᠎ᠠᠴᠠ ᠬᠢᠵᠠᠭ᠋ᠠᠷᠯᠠᠬᠤ ᠥᠬᠡᠶ ᠪᠣᠯᠭ᠋ᠠᠨ ᠳᠣᠭᠢᠷᠠᠭᠤᠯᠤᠨ᠎ᠠ᠃
    ᠳᠣᠯᠣᠭ᠎ᠠ᠂ ᠲᠣᠮᠣ ᠳᠤᠮᠳᠠ ᠬᠡᠯᠪᠡᠷᠢ ᠵᠢᠨ ᠠᠶᠠᠨᠴᠢᠳ ᠪᠠ ᠪᠠᠷᠠᠭ᠎ᠠ ᠵᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠭᠤᠶᠤᠴᠢᠯᠠᠬᠤ ᠨᠥᠬᠥᠴᠡᠯ᠎ᠢ ᠰᠢᠯᠢᠳᠡᠭᠵᠢᠭᠦᠯᠦᠨ᠎ᠡ᠃
      ᠲᠣᠮᠣ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ᠂ ᠴᠢᠷᠦᠭᠦᠯ ᠲᠡᠷᠭᠡᠨ᠎ᠤ ᠵᠢᠯᠣᠭᠣᠴᠢ ᠵᠢᠨ ᠦᠨᠡᠮᠯᠡᠯ ᠭᠣᠶᠣᠴᠢᠯᠠᠬᠣ ᠨᠠᠰᠤ ᠵᠢ ᠬᠠᠮᠤᠭ ᠪᠠᠭ᠎ᠠ᠎ᠳᠤ᠎ᠪᠠᠨ ᠪᠦᠬᠦᠯᠢ 26 ᠨᠠᠰᠤ᠂ ᠪᠦᠬᠦᠯᠢ 24 ᠨᠠᠰᠤ ᠪᠠᠶ᠋ᠢᠭᠰᠠᠨ᠎ᠠᠴᠠ ᠪᠦᠬᠦᠯᠢ 22 ᠨᠠᠰᠤ ᠪᠣᠯᠭ᠋ᠠᠵᠣ ᠦᠭᠡᠷᠡᠴᠢᠯᠡᠨ᠎ᠡ᠃
      ᠨᠠᠢ᠍ᠮᠠ᠂   ᠮᠠᠰᠢᠨ ᠲᠡᠷᠭᠡ ᠵᠢᠯᠣᠭᠣᠳᠬᠤ ᠦᠨᠡᠮᠯᠡᠯ ᠭᠤᠶᠤᠴᠢᠯᠠᠬᠤ᠂   ᠮᠠᠰᠢᠨ ᠲᠡᠷᠭᠡ ᠵᠢᠯᠣᠭᠣᠳᠬᠤ ᠦᠨᠡᠮᠯᠡᠯ᠎ᠤᠨ ᠲᠣᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠤ ᠪᠡᠶ᠎ᠡ ᠵᠢᠨ ᠨᠥᠬᠥᠴᠡᠯ᠎ᠤᠨ ᠭᠡᠷᠡᠴᠢ ᠲᠤᠰᠢᠶᠠᠬᠤ ᠴᠢᠬᠤᠯᠠᠲᠠᠶ ᠪᠠᠢ᠌ᠪᠠᠯ᠂ ᠪᠡᠶ᠎ᠡ ᠵᠢᠨ ᠪᠠᠶ᠋ᠢᠴᠠᠭ᠋ᠠᠯᠲᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠡᠮᠴᠢᠯᠡᠭᠡᠨ᠎ᠤ ᠪᠠᠶ᠋ᠢᠭᠤᠯᠤᠮᠵᠢ᠎ᠠᠴᠠ ᠡᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠬᠢᠷᠢ ᠬᠡᠮ᠎ᠳᠤ ᠨᠡᠶ᠋ᠢᠴᠡᠬᠦ ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠨᠡᠯᠭᠡ ᠵᠢᠨ ᠬᠣᠷᠢᠶ᠎ᠠ᠂ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠂ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ ᠵᠡᠷᠭᠡ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠲᠡᠯ᠎ᠡ ᠦᠷᠭᠡᠳᠬᠡᠨ᠎ᠡ᠃
      ᠶᠢᠰᠦ᠂ ᠵᠡᠮᠳᠡᠭᠴᠦᠳ᠎ᠤᠨ ᠭᠡᠷ ᠪᠦᠯᠢ ᠵᠢᠨ ᠬᠠᠮᠲᠤ᠎ᠪᠠᠷ ᠬᠡᠷᠡᠭᠯᠡᠬᠦ ᠲᠡᠷᠭᠡ ᠬᠥᠰᠬᠡ᠎ᠳᠤ ᠳᠥᠭᠥᠮ ᠦᠵᠡᠭᠦᠯᠦᠨ᠎ᠡ᠃ C2 ᠵᠢᠵᠢᠭ ᠬᠡᠯᠪᠡᠷᠢ ᠵᠢᠨ ᠠᠦ᠋ᠲ᠋ᠣ᠋ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ᠎ᠠᠴᠠ ᠳᠡᠭᠡᠭᠰᠢ (ᠳᠠᠷᠤᠶ᠄ A1᠂

A2᠂ A3᠂ B1᠂ B2᠂ C1᠂ C2)᠎ᠲᠠᠢ ᠬᠥᠮᠦᠰ᠂ ᠳᠡᠭᠡᠳᠦ ᠮᠥᠴᠢ ᠵᠢᠨ ᠵᠡᠮᠳᠡᠭᠴᠦᠳ᠎ᠤᠨ ᠲᠤᠰᠬᠠᠶ ᠬᠡᠷᠡᠭᠯᠡᠭᠡᠨ᠎ᠤ ᠵᠢᠵᠢᠭ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ ᠵᠢ ᠵᠢᠯᠣᠭᠣᠳᠴᠤ᠂ ᠵᠡᠮᠳᠡᠭᠴᠦᠳ᠎ᠤᠨ ᠭᠡᠷ ᠪᠦᠯᠢ ᠵᠢᠨ ᠪᠦᠷᠢᠯᠳᠦᠬᠦᠨ ᠵᠢᠴᠢ ᠵᠡᠮᠳᠡᠭᠴᠦᠳ᠎ᠤᠨ ᠭᠠᠳᠠᠭᠰᠢ ᠭᠠᠷᠬᠤ᠎ᠳᠤ ᠦᠢ᠍ᠯᠡᠴᠢᠯᠡᠬᠦ ᠪᠤᠰᠤᠳ ᠬᠥᠮᠦᠰ᠎ᠤᠨ ᠬᠠᠮᠲᠤ᠎ᠪᠠᠷ ᠬᠡᠷᠡᠭᠯᠡᠬᠦ ᠲᠡᠷᠭᠡ ᠬᠥᠰᠬᠡ᠎ᠳᠤ ᠳᠥᠭᠥᠮ ᠦᠵᠡᠭᠦᠯᠬᠦ ᠪᠣᠯᠤᠨ᠎ᠠ᠃
      ᠠᠷᠪᠠ᠂ ᠵᠠᠮ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠰᠠᠨᠠᠭᠤᠯᠤᠮᠵᠢ ᠵᠢᠨ ᠦᠢ᠍ᠯᠡᠴᠢᠯᠡᠭᠡ ᠵᠢ ᠬᠡᠷᠡᠭᠵᠢᠭᠦᠯᠦᠨ᠎ᠡ᠃
      ᠢᠨᠲ᠋ᠧᠷ ᠰᠦᠯᠵᠢᠶᠡᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠬᠠᠮᠢᠶᠠᠷᠣᠯᠲᠠ ᠵᠢᠨ ᠲᠠᠪᠴᠠᠩ ᠵᠶ᠋ᠠᠷ ᠳᠠᠮᠵᠢᠭᠤᠯᠤᠨ᠂ ᠵᠠᠮ ᠲᠡᠭᠡᠭᠡᠪᠦᠷᠢ ᠵᠢᠨ ᠠᠵᠤ ᠠᠬᠣᠢ᠌ᠯᠠᠯ᠎ᠳᠤ ᠵᠠᠮ ᠬᠠᠷᠢᠯᠴᠠᠭ᠋ᠠᠨ᠎ᠤ ᠠᠮᠣᠷ ᠲᠦᠪᠰᠢᠨ᠎ᠤ ᠲᠦᠭᠰᠢᠭᠦᠷᠢ ᠵᠢᠨ ᠰᠡᠷᠡᠮᠵᠢᠯᠡᠭᠦᠯᠬᠦ ᠰᠠᠨᠠᠭᠤᠯᠤᠮᠵᠢ ᠬᠦᠷᠭᠡᠨ᠎ᠡ᠃ ᠲᠤᠰ ᠠᠵᠤ ᠠᠬᠤᠶ᠋ᠢᠯᠠᠯ᠎ᠤᠨ   ᠮᠠᠰᠢᠨ ᠲᠡᠷᠭᠡ ᠪᠣᠯᠤᠨ ᠵᠢᠯᠣᠭᠣᠴᠢ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠦᠷᠢᠴᠡᠭᠰᠡᠨ᠂ ᠡᠨᠳᠡᠯ ᠵᠡᠷᠭᠡ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡᠨ ᠬᠠᠩᠭ᠋ᠠᠨ᠎ᠠ᠃
      ᠠᠷᠪᠠᠨ ᠨᠢᠭᠡ᠂ ᠵᠢᠯᠣᠭᠣᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠡᠮᠳᠡᠭᠯᠡᠯ᠎ᠢ ᠰᠦᠯᠵᠢᠶᠡᠨ ᠳᠡᠭᠡᠷ᠎ᠡ᠎ᠠᠴᠠ ᠪᠠᠶ᠋ᠢᠴᠠᠭ᠋ᠠᠨ ᠯᠠᠪᠯᠠᠬᠤ ᠵᠢ ᠬᠡᠷᠡᠭᠵᠢᠭᠦᠯᠦᠨ᠎ᠡ᠃ ᠵᠢᠯᠣᠭᠣᠴᠢ 《ᠵᠠᠮ ᠬᠠᠷᠢᠯᠴᠠᠭ᠋ᠠᠨ᠎ᠤ ᠬᠠᠮᠢᠶᠠᠷᠤᠯᠲᠠ 12123》 APP᠎ᠪᠠᠷ ᠳᠠᠮᠵᠢᠭᠤᠯᠤᠨ ᠣᠶ᠋ᠢᠷ᠎ᠠ ᠵᠢᠨ 3 ᠵᠢᠯ᠎ᠤᠨ ᠵᠠᠮ ᠬᠠᠷᠢᠯᠴᠠᠭ᠋ᠠᠨ᠎ᠤ ᠬᠠᠷᠢᠭᠤᠴᠠᠯᠭ᠎ᠠ ᠵᠢᠨ ᠡᠨᠳᠡᠯ᠂ ᠵᠢᠯᠣᠭᠣᠳᠴᠣ ᠪᠣᠯᠬᠣ ᠮᠠᠰᠢᠨ ᠲᠡᠷᠭᠡᠨ᠎ᠤ ᠬᠡᠪᠴᠢᠶ᠎ᠡ ᠵᠢᠨ ᠬᠤᠪᠢᠷᠠᠯᠲᠠ᠂ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠪᠠ ᠪᠦᠷᠢᠨ ᠬᠤᠪᠢ ᠲᠡᠮᠳᠡᠭᠯᠡᠭᠰᠡᠨ ᠵᠡᠷᠭᠡ ᠵᠢ ᠪᠠᠢ᠌ᠴᠠᠭ᠋ᠠᠨ ᠯᠠᠪᠯᠠᠵᠣ ᠪᠣᠯᠣᠨ᠎ᠠ᠃
      ᠠᠷᠪᠠᠨ ᠬᠣᠶᠠᠷ᠂ ᠲᠤᠷᠰᠢᠯᠲᠠ ᠵᠢᠨ ᠴᠢᠭ᠎ᠤᠨ   ᠮᠠᠰᠢᠨ ᠲᠡᠷᠭᠡᠨ᠎ᠤ ᠵᠠᠮ ᠬᠠᠷᠢᠯᠴᠠᠭ᠋ᠠᠨ᠎ᠤ ᠠᠯᠪᠠᠳᠠᠯᠭ᠎ᠠ ᠵᠢᠨ ᠳᠠᠭ᠋ᠠᠳᠬᠠᠯ᠎ᠤᠨ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠬᠢᠨᠠᠨ ᠪᠠᠶ᠋ᠢᠴᠠᠭ᠋ᠠᠨ᠎ᠠ᠃
      ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠭᠡᠳ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠮᠠᠰᠢᠨ ᠲᠡᠷᠭᠡᠨ᠎ᠤ ᠵᠠᠮ ᠬᠠᠷᠢᠯᠴᠠᠭ᠋ᠠᠨ᠎ᠤ ᠠᠯᠪᠠᠳᠠᠯᠭ᠎ᠠ ᠵᠢᠨ ᠳᠠᠭ᠋ᠠᠳᠬᠠᠯ᠎ᠤᠨ ᠮᠡᠳᠡᠭᠡ ᠵᠠᠩᠭᠢ ᠵᠢ ᠬᠠᠮᠲᠤᠪᠠᠷ ᠡᠵᠡᠮᠰᠢᠬᠦ ᠵᠢ ᠠᠬᠢᠭᠤᠯᠤᠨ᠎ᠠ᠃


ᠢᠷᠡᠯᠲᠡ᠄ ᠬᠦᠬᠡᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ