ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠡᠭᠡᠯᠵᠢᠨ ᠨᠢᠰᠭᠡᠯ ᠵᠢᠡᠷ ᠬᠢᠯᠢ ᠤᠷᠤᠵᠤ ᠢᠷᠡᠭᠰᠡᠳ᠎ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠢ ᠰᠡᠷᠭᠡᠢ᠌ᠯᠡᠨ ᠡᠵᠡᠮᠳᠡᠬᠦ ᠠᠵᠢᠯᠯᠠᠭ᠎ᠠ ᠵᠢᠨ ᠲᠤᠬᠠᠢ
ᠨᠡᠶ᠋ᠢᠲᠡᠯᠡᠭᠰᠡᠨ ᠴᠠᠭ᠄ 2020-03-30

        ᠡᠭᠡᠯᠵᠢᠨ ᠨᠢᠰᠭᠡᠯ ᠵᠢᠡᠷ ᠬᠢᠯᠢ ᠤᠷᠤᠵᠤ ᠢᠷᠡᠭᠰᠡᠳ᠎ᠤᠨ ᠰᠢᠨ᠎ᠡ ᠲᠢᠳᠢᠮᠯᠢᠭ

        ᠠᠭᠤᠰᠬᠢᠨ ᠦᠷᠪᠢᠰᠦᠯ᠎ᠢ ᠰᠡᠷᠭᠡᠢ᠌ᠯᠡᠨ ᠡᠵᠡᠮᠳᠡᠬᠦ ᠠᠵᠢᠯᠯᠠᠭ᠎ᠠ ᠵᠢᠨ ᠲᠤᠬᠠᠢ

       

ᠬᠦᠳᠦᠯᠦᠭᠴᠢ (ᠯᠢ ᠪᠢᠩ ᠱᠸᠩ)᠄
     3 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠬᠢᠯᠡᠨ 7 ᠡᠭᠡᠯᠵᠢᠨ ᠨᠢᠰᠭᠡᠯ᠂ 1352 ᠠᠶᠠᠨᠴᠢᠨ (ᠲᠤᠮᠳᠠᠳᠤ ᠤᠯᠤᠰ᠎ᠤᠨ ᠬᠠᠷᠢᠶᠠᠳᠣ 1294 ᠬᠦᠮᠦᠨ᠂ ᠭᠠᠳᠠᠭ᠋ᠠᠳᠣ ᠵᠢᠨ ᠬᠠᠷᠢᠶᠠᠳᠣ 58 ᠬᠦᠮᠦᠨ)᠎ᠢ ᠰᠢᠢ᠍ᠳᠪᠦᠷᠢᠯᠡᠬᠦ ᠪᠠᠳᠣᠯᠠᠭ᠎ᠠ ᠵᠢᠨ ᠡᠭᠦᠷᠭᠡ ᠵᠢ ᠤᠷᠤᠭᠰᠢᠳᠠᠢ ᠪᠠᠶᠠᠯᠠᠭᠦᠯᠵᠦ᠂ ᠬᠦᠬᠡᠬᠤᠳᠠ᠎ᠳᠤ 1314 ᠬᠦᠮᠦᠨ᠎ᠢ ᠲᠤᠰᠠᠭ᠋ᠠᠷᠯᠠᠵᠤ᠂ ᠲᠤᠰᠠᠭ᠋ᠠᠷᠯᠠᠬᠤ ᠨᠤᠷᠮ᠎ᠠ᠎ᠨᠢ 97.19% ᠪᠤᠯᠤᠨ᠎ᠠ᠃ ᠲᠤᠮᠳᠠ᠎ᠠᠴᠠ᠎ᠨᠢ ᠰᠢᠭᠰᠢᠨ ᠪᠠᠢ᠌ᠴᠠᠭ᠋ᠠᠭ᠋ᠠᠳ ᠰᠢᠨ᠎ᠡ ᠲᠢᠳᠢᠮᠯᠢᠭ ᠠᠭᠤᠰᠭᠢᠨ ᠦᠷᠪᠢᠰᠦᠯ ᠵᠢᠡᠷ ᠤᠨᠤᠰᠢᠯᠠᠭᠰᠠᠨ 2 ᠡᠪᠡᠳᠴᠢᠳᠠᠨ᠂ 10 ᠰᠡᠵᠢᠭᠳᠡᠢ ᠡᠪᠡᠳᠴᠢᠳᠡᠨ᠎ᠢ ᠢᠯᠡᠷᠡᠭᠦᠯᠵᠦ᠂ ᠴᠦᠮ ᠲᠤᠭᠳᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠳᠤ ᠡᠮᠴᠢᠯᠡᠭᠦᠯᠪᠡ᠃
      ᠰᠣᠷᠪᠤᠯᠵᠢᠯᠠᠭᠴᠢ᠄ ᠤᠢ᠌ᠷ᠎ᠠ ᠵᠢᠨ ᠬᠤᠭᠤᠴᠠᠭ᠋ᠠᠨ᠎ᠳᠤ᠂ ᠵᠤᠷᠢᠭᠰᠠᠨ ᠭᠠᠵᠠᠷ᠎ᠨᠢ ᠪᠡᠭᠡᠵᠢᠩ᠎ᠤᠨ ᠬᠢᠯᠢ᠎ᠪᠠᠷ ᠤᠷᠤᠬᠤ ᠡᠭᠡᠯᠵᠢᠨ ᠨᠢᠰᠭᠡᠯ ᠤᠯᠠᠰᠢᠷᠠᠬᠤ ᠵᠢ ᠲᠠᠭ᠋ᠠᠯᠳᠤᠨ᠂ ᠬᠦᠬᠡᠬᠤᠳᠠ ᠪᠤᠭᠤᠮᠳᠠ᠎ᠳᠤ ᠬᠠᠨᠳᠣᠯᠭ᠋ᠠᠳᠣ ᠴᠢᠨᠠᠷᠳᠠᠢ ᠠᠷᠭ᠎ᠠ ᠬᠡᠮᠵᠢᠶ᠎ᠡ ᠪᠠᠢ᠌ᠨ᠎ᠠ ᠤᠤ ᠦᠭᠡᠢ ᠤᠤ?
      ᠬᠦᠬᠡᠬᠤᠳᠠ ᠵᠢᠨ ᠪᠤᠭᠤᠮᠳᠠ ᠵᠢᠨ ᠲᠡᠳ᠋ ᠲᠠᠷᠤᠭ᠎ᠠ ᠯᠦ᠍ ᠶᠠᠩ᠄ ᠨᠢᠭᠡ᠎ᠳᠤ ᠬᠢᠯᠢ᠎ᠳᠤ ᠤᠷᠤᠵᠤ ᠢᠷᠡᠬᠦ ᠡᠭᠡᠯᠵᠢᠨ ᠨᠢᠰᠭᠡᠯ᠎ᠤᠨ ᠬᠢᠨᠠᠯᠳᠠ ᠬᠠᠮᠢᠶᠠᠷᠤᠯᠳᠠ ᠵᠢ ᠴᠢᠩᠭ᠎ᠠ ᠪᠠᠳᠣᠯᠠᠨ᠎ᠠ᠃ ᠬᠤᠶᠠᠷ᠎ᠲᠤ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠡᠷᠡᠭᠦᠯ ᠬᠠᠮᠠᠭ᠋ᠠᠯᠠᠯ᠎ᠤᠨ ᠬᠢᠵᠢᠭ ᠪᠠᠢ᠌ᠴᠠᠭ᠋ᠠᠬᠤ ᠠᠵᠢᠯ᠎ᠢ ᠴᠢᠩᠭ᠋ᠠᠳᠬᠠᠨ᠎ᠠ᠃ ᠭᠤᠷᠪᠠ᠎ᠳᠤ ᠡᠷᠡᠭᠦᠯ ᠡᠩᠭᠡ ᠵᠢᠨ ᠮᠡᠳᠡᠭᠦᠯᠦᠯᠳᠡ ᠵᠢᠨ ᠲᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠲᠦᠷᠪᠡ᠎ᠳᠤ 《ᠭᠤᠷᠪᠠ ᠵᠢ ᠪᠠᠢ᠌ᠴᠠᠭ᠋ᠠᠬᠤ᠂ ᠭᠤᠷᠪᠠ ᠵᠢ ᠵᠢᠭᠰᠠᠭ᠋ᠠᠬᠤ᠂ ᠨᠢᠭᠡ ᠵᠢ ᠲᠠᠮᠵᠢᠭᠤᠯᠤᠨ ᠲᠡᠭᠡᠭᠡᠪᠦᠷᠢᠯᠡᠬᠦ》 ᠬᠢᠵᠢᠭ ᠪᠠᠢ᠌ᠴᠠᠭ᠋ᠠᠬᠤ ᠠᠷᠭ᠎ᠠ ᠬᠡᠮᠵᠢᠶ᠎ᠡ ᠵᠢ ᠦᠨᠡᠨ ᠬᠦ᠌ ᠨᠠᠢ᠌ᠳᠠᠪᠤᠷᠢᠵᠢᠭᠤᠯᠬᠤ ᠬᠡᠷᠡᠭᠳᠡᠢ᠃ ᠲᠠᠪᠤ᠎ᠳᠤ ᠬᠤᠯᠪᠤᠭ᠋ᠠᠯᠠᠨ ᠰᠡᠷᠭᠡᠢ᠌ᠯᠡᠵᠦ ᠬᠤᠯᠪᠤᠭ᠋ᠠᠯᠠᠨ ᠡᠵᠡᠮᠳᠡᠬᠦ ᠲᠤᠭᠳᠠᠴᠠ ᠵᠢ ᠴᠢᠩᠭ᠋ᠠᠳᠬᠠᠨ᠎ᠠ᠃
      ᠰᠣᠷᠪᠤᠯᠵᠢᠯᠠᠭᠴᠢ᠄ ᠬᠢᠯᠢ ᠵᠢᠨ ᠪᠠᠢ᠌ᠴᠠᠭ᠋ᠠᠯᠳᠠ ᠪᠤᠯ ᠬᠢᠯᠢ᠎ᠳᠤ ᠤᠷᠤᠬᠤ ᠵᠢᠨ ᠪᠠᠢ᠌ᠴᠠᠭ᠋ᠠᠨ ᠰᠢᠯᠭ᠋ᠠᠬᠤ ᠵᠢᠨ ᠴᠢᠬᠤᠯᠠ ᠵᠠᠩᠭᠢᠯᠠᠭ᠎ᠠ ᠪᠤᠯᠤᠨ᠎ᠠ᠂ ᠬᠢᠯᠢ ᠵᠢᠨ ᠪᠠᠢ᠌ᠴᠠᠭ᠋ᠠᠯᠳᠠ ᠵᠢᠨ ᠰᠠᠯᠠᠭ᠎ᠠ ᠮᠦᠴᠢᠷ ᠡᠭᠡᠯᠵᠢᠨ ᠨᠢᠰᠭᠡᠯ᠎ᠢ ᠰᠢᠢ᠍ᠳᠪᠦᠷᠢᠯᠡᠨ ᠲᠤᠬᠢᠷᠠᠭᠤᠯᠬᠤ ᠪᠠᠳᠣᠯᠠᠭ᠎ᠠ ᠵᠢᠨ ᠡᠭᠦᠷᠭᠡ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ?
      ᠦᠪᠦᠷ ᠮᠤᠩᠭᠤᠯ᠎ᠤᠨ ᠬᠢᠯᠢ᠎ᠪᠠᠷ ᠭᠠᠷᠬᠤ ᠤᠷᠤᠬᠤ ᠬᠢᠯᠢ ᠵᠢᠨ ᠪᠠᠢ᠌ᠴᠠᠭ᠋ᠠᠯᠳᠠ ᠵᠢᠨ ᠶᠡᠷᠥᠩᠬᠡᠢ ᠦᠷᠳᠡᠭᠡᠨ᠎ᠤ ᠲᠠᠷᠤᠭ᠎ᠠ ᠯᠢᠦ ᠲᠤᠩ ᠰᠢᠶᠠᠩ᠄ ᠨᠢᠭᠡ᠎ᠳᠤ ᠲᠤᠮᠤ ᠳ᠋ᠡᠢ᠌ᠲ᠋ᠠ ᠵᠢᠨ ᠵᠠᠳᠠᠯᠤᠯᠳᠠ ᠪᠠ ᠰᠣᠳᠣᠯᠣᠨ ᠮᠠᠭ᠋ᠠᠳᠯᠠᠯᠳᠠ ᠵᠢ ᠰᠠᠢ᠌ᠳᠤᠷ ᠬᠢᠨ᠎ᠡ᠃ ᠬᠤᠶᠠᠷ᠎ᠲᠤ ᠬᠢᠯᠢ᠎ᠪᠠᠷ ᠤᠷᠤᠵᠤ ᠢᠷᠡᠬᠦ ᠬᠦᠮᠦᠰ᠎ᠤᠨ ᠪᠠᠢ᠌ᠴᠠᠭ᠋ᠠᠨ ᠬᠢᠨᠠᠬᠤ ᠵᠢ ᠴᠢᠩᠭ᠋ᠠᠳᠬᠠᠨ᠎ᠠ᠃ ᠭᠤᠷᠪᠠ᠎ᠳᠤ ᠬᠢᠯᠢ ᠵᠢᠨ ᠪᠠᠢ᠌ᠴᠠᠭ᠋ᠠᠯᠳᠠ ᠵᠢᠨ ᠪᠤᠭᠤᠮᠳᠠ᠎ᠪᠠᠷ ᠦᠩᠭᠡᠷᠡᠬᠦ ᠦᠢ᠍ᠯᠡᠴᠢᠯᠡᠭᠡ ᠵᠢ ᠴᠢᠩᠭ᠋ᠠᠳᠬᠠᠨ᠎ᠠ᠃
      ᠰᠣᠷᠪᠤᠯᠵᠢᠯᠠᠭᠴᠢ᠄ ᠬᠤᠪᠢᠶᠠᠷᠢᠯᠠᠭᠰᠠᠨ ᠡᠭᠡᠯᠵᠢᠨ ᠨᠢᠰᠭᠡᠯ ᠬᠦᠬᠡᠬᠤᠳᠠ ᠵᠢᠨ ᠨᠢᠰᠭᠡᠯ᠎ᠤᠨ ᠪᠠᠭᠤᠳᠠᠯ ᠵᠢᠡᠷ ᠬᠢᠯᠢ᠎ᠳᠤ ᠤᠷᠤᠨ᠎ᠠ᠂ ᠬᠠᠮᠢᠶ᠎ᠠ ᠪᠦᠬᠦᠢ ᠰᠢᠢ᠍ᠳᠪᠦᠷᠢᠯᠡᠬᠦ ᠠᠵᠢᠯ᠎ᠤᠨ ᠤᠯᠠᠩᠬᠢ᠎ᠨᠢ ᠨᠢᠰᠭᠡᠯ᠎ᠤᠨ ᠪᠠᠭᠤᠳᠠᠯ᠎ᠳᠤ ᠶᠠᠪᠤᠭᠳᠠᠨ᠎ᠠ᠂ ᠨᠢᠰᠭᠡᠯ᠎ᠤᠨ ᠪᠠᠭᠤᠳᠠᠯ ᠪᠠᠳᠣᠯᠠᠭ᠎ᠠ ᠵᠢᠨ ᠲᠠᠯ᠎ᠠ᠎ᠪᠠᠷ ᠶᠠᠮᠠᠷ ᠶᠠᠮᠠᠷ ᠪᠡᠯᠡᠳᠭᠡᠯ ᠬᠢᠭᠰᠡᠨ ᠪᠤᠢ?
      ᠦᠪᠦᠷ ᠮᠤᠩᠭᠤᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠭᠡᠯ᠎ᠤᠨ ᠪᠠᠭᠤᠳᠠᠯ᠎ᠤᠨ ᠪᠦᠯᠦᠭᠯᠡᠯ᠎ᠤᠨ ᠶᠡᠷᠥᠩᠬᠡᠢ ᠲᠠᠭ᠋ᠠᠭ᠋ᠠᠮᠠᠯ ᠴᠸᠨ ᠵᠢᠶᠠᠨ ᠵᠢᠶᠦ᠋ᠨ᠄ ᠬᠦᠬᠡᠬᠤᠳᠠ ᠵᠢᠨ ᠨᠢᠰᠭᠡᠯ᠎ᠤᠨ ᠪᠠᠭᠤᠳᠠᠯ᠎ᠤᠨ ᠤᠯᠠᠨ ᠤᠯᠤᠰ᠎ᠤᠨ ᠡᠭᠡᠯᠵᠢᠨ ᠨᠢᠰᠭᠡᠯ᠎ᠤᠨ ᠪᠠᠳᠣᠯᠠᠭ᠎ᠠ ᠵᠢᠨ ᠠᠵᠢᠯ᠎ᠳᠤ ᠤᠷᠤᠯᠴᠠᠭᠰᠠᠨ ᠪᠤᠢ ᠪᠦᠬᠦᠢ ᠠᠵᠢᠯᠳᠠᠳ᠎ᠲᠤ ᠴᠦᠮ ᠪᠢᠳᠡᠭᠦᠮᠵᠢᠯᠡᠯ᠎ᠤᠨ ᠮᠠᠶᠢᠭ᠎ᠤᠨ ᠬᠠᠮᠢᠶᠠᠷᠤᠯᠳᠠ ᠵᠢ ᠬᠡᠷᠡᠭᠵᠢᠭᠦᠯᠵᠦ᠂ ᠠᠵᠢᠯᠯᠠᠵᠤ ᠪᠠᠢ᠌ᠬᠤ ᠬᠤᠭᠤᠴᠠᠭ᠋ᠠᠨ᠎ᠳᠤ᠎ᠪᠠᠨ ᠠᠵᠢᠯ᠎ᠤᠨ ᠪᠠᠢ᠌ᠷᠢ ᠵᠢᠨ ᠵᠢᠭ᠋ᠠᠨ ᠲᠤᠭᠳᠠᠭ᠋ᠠᠭᠰᠠᠨ ᠤᠷᠤᠨ ᠭᠠᠵᠠᠷ᠎ᠲᠤ ᠠᠵᠢᠯᠯᠠᠬᠤ ᠵᠢᠨ ᠬᠠᠮᠳᠣ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠵᠢᠭ᠋ᠠᠨ ᠲᠤᠭᠳᠠᠭ᠋ᠠᠭᠰᠠᠨ ᠲᠦᠷ ᠴᠠᠭ᠎ᠤᠨ ᠠᠮᠠᠷᠠᠯᠳᠠ ᠵᠢᠨ ᠤᠷᠤᠨ᠎ᠳᠤ ᠠᠮᠠᠷᠠᠨ᠎ᠠ᠃ ᠠᠵᠢᠯ᠎ᠤᠨ ᠪᠤᠰᠣ ᠬᠤᠭᠤᠴᠠᠭ᠋ᠠᠨ᠎ᠳᠤ ᠨᠢᠭᠡᠳᠦᠯᠳᠡᠢ ᠲᠤᠰᠠᠭ᠋ᠠᠷᠯᠠᠵᠤ᠂ ᠵᠢᠭ᠋ᠠᠨ ᠲᠤᠭᠳᠠᠭ᠋ᠠᠭᠰᠠᠨ ᠲᠤᠰᠬᠠᠢ ᠵᠤᠴᠢᠳ᠎ᠤᠨ ᠪᠠᠭᠤᠳᠠᠯ᠎ᠳᠤ ᠬᠦᠷᠴᠦ ᠠᠮᠠᠷᠠᠨ᠂ ᠲᠤᠰᠬᠠᠢ ᠲᠡᠷᠭᠡ᠎ᠪᠠᠷ ᠲᠤᠰᠬᠠᠢ ᠭᠠᠵᠠᠷ ᠤᠷᠤᠨ᠎ᠳᠤ ᠲᠤᠰᠴᠤ ᠬᠦᠷᠭᠡᠨ᠎ᠡ᠃ ᠡᠷᠭᠡᠪᠰᠢ ᠪᠤᠰᠣᠳ ᠬᠦᠮᠦᠰ᠎ᠤᠨ ᠤᠨᠴᠠᠭ᠋ᠠᠢ ᠪᠠᠳᠣᠯᠠᠭ᠎ᠠ ᠵᠢᠨ ᠲᠤᠰᠬᠠᠢ ᠤᠷᠤᠨ᠎ᠳᠤ ᠤᠷᠤᠬᠤ ᠵᠢ ᠴᠢᠩᠭ᠎ᠠ ᠬᠢᠵᠠᠭ᠋ᠠᠷᠯᠠᠵᠤ᠂ ᠤᠨᠴᠠᠭ᠋ᠠᠢ ᠪᠠᠳᠣᠯᠠᠭ᠎ᠠ ᠵᠢᠨ ᠲᠤᠰᠬᠠᠢ ᠤᠷᠤᠨ᠎ᠤ ᠠᠵᠢᠯ᠎ᠤᠨ ᠪᠠᠢ᠌ᠷᠢ᠎ᠳᠤ ᠪᠠᠢ᠌ᠭ᠎ᠠ ᠬᠦᠮᠦᠰ ᠤᠨᠴᠠᠭ᠋ᠠᠢ ᠪᠠᠳᠣᠯᠠᠭ᠎ᠠ ᠵᠢᠨ ᠲᠤᠰᠬᠠᠢ ᠤᠷᠤᠨ᠎ᠳᠤ ᠤᠷᠤᠵᠤ ᠭᠠᠷᠬᠤ ᠤᠳᠠᠭ᠎ᠠ᠎ᠪᠠᠨ ᠪᠠᠭ᠋ᠠᠰᠬᠠᠬᠤ ᠬᠡᠷᠡᠭᠳᠡᠢ᠃
      ᠰᠣᠷᠪᠤᠯᠵᠢᠯᠠᠭᠴᠢ᠄ ᠬᠤᠪᠢᠶᠠᠷᠢᠯᠠᠭᠰᠠᠨ ᠡᠭᠡᠯᠵᠢᠨ ᠨᠢᠰᠭᠡᠯ᠎ᠤᠨ ᠲᠠᠮᠵᠢᠭᠤᠯᠤᠨ ᠲᠡᠭᠡᠭᠡᠪᠦᠷᠢᠯᠡᠬᠦ ᠵᠢ ᠲᠤᠰᠠᠭ᠋ᠠᠷᠯᠠᠭᠰᠠᠨ᠂ ᠬᠠᠷᠢᠶ᠎ᠠ ᠭᠠᠵᠠᠷ᠎ᠤᠨ ᠪᠠᠳᠣᠯᠠᠭ᠎ᠠ ᠪᠠ ᠬᠠᠮᠢᠶᠠᠷᠤᠨ ᠡᠵᠡᠮᠳᠡᠵᠦ ᠰᠢᠢ᠍ᠳᠪᠦᠷᠢᠯᠡᠭᠰᠡᠨ ᠠᠵᠢᠯ᠎ᠤᠨ ᠪᠠᠢ᠌ᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ?
      ᠬᠦᠬᠡᠬᠤᠳᠠ ᠵᠢᠨ ᠲᠡᠳ᠋ ᠲᠠᠷᠤᠭ᠎ᠠ ᠯᠦᠸᠸ ᠴᠢᠩ᠄ ᠨᠢᠭᠡ᠎ᠳᠤ ᠠᠵᠢᠯ᠎ᠤᠨ ᠬᠦᠴᠦᠨ ᠵᠢᠡᠨ ᠴᠢᠩᠭ᠎ᠠ ᠲᠤᠬᠢᠷᠠᠭᠤᠯᠤᠨ᠎ᠠ᠃ ᠬᠤᠶᠠᠷ᠎ᠲᠤ ᠠᠵᠢᠯ᠎ᠤᠨ ᠶᠠᠪᠤᠴᠠ ᠵᠢ ᠨᠠᠷᠢᠯᠢᠭᠵᠢᠭᠤᠯᠤᠨ᠎ᠠ᠃ ᠭᠤᠷᠪᠠ᠎ᠳᠤ ᠬᠠᠷᠢᠶ᠎ᠠ ᠭᠠᠵᠠᠷ᠎ᠲᠤᠨᠢ ᠪᠦᠬᠦ ᠬᠦᠴᠦᠨ ᠵᠢᠡᠷ ᠵᠢᠡᠨ ᠪᠠᠳᠣᠯᠠᠨ᠎ᠠ᠃

ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ