ᠪᠠᠶᠠᠨᠨᠠᠭᠤᠷ ᠬᠤᠲᠠ ᠵᠢᠨ ᠬᠠᠩᠭᠢᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ
ᠲᠣᠪᠴᠢᠶ᠎ᠠ ᠪᠤᠭᠤᠲᠤ ᠬᠣᠲᠠ ᠵᠢᠨ ᠴᠢᠩ ᠱᠠᠨ ᠲᠣᠭᠣᠷᠢᠭ᠎ᠲᠤ ᠠᠷᠪᠠᠭ᠋ᠠᠳ ᠵᠢᠯ
ᠲᠦᠢ᠍ᠪᠡᠭᠡᠭᠰᠡᠨ ᠬᠠᠷ᠎ᠠ ᠪᠦᠯᠦᠭᠲᠡᠨ᠎ᠤ ᠪᠦᠯᠦᠭᠯᠡᠯ᠎ᠢ ᠪᠠᠷᠢᠪᠴᠢᠯᠠᠪᠠ
ᠡᠨᠡ ᠵᠢᠯ᠎ᠤᠨ 7 ᠳ᠋ᠤᠭ᠋ᠠᠷ ᠰᠠᠷ᠎ᠠ ᠵᠢᠨ 8᠎ᠤ ᠡᠳᠦᠷ᠂ ᠬᠠᠩᠭᠢᠨ ᠬᠤᠶ᠋ᠢᠲᠤ ᠬᠤᠰᠢᠭᠤᠨ᠎ᠤ ᠠᠷᠠᠳ᠎ᠤᠨ ᠰᠢᠬᠦᠬᠦ ᠬᠤᠷᠢᠶ᠎ᠠ ᠶᠣᠣ ᠵᠢᠩ ᠢᠪᠠᠷ ᠲᠣᠯᠣᠭ᠋ᠠᠶ᠋ᠢᠯᠠᠭᠤᠯᠤᠭᠰᠠᠨ 24 ᠵᠠᠭ᠋ᠠᠯᠳᠤᠭᠳᠠᠭᠴᠢ ᠵᠢᠨ ᠬᠠᠷ᠎ᠠ ᠪᠦᠯᠦᠭᠲᠡᠨ᠎ᠤ ᠬᠡᠷᠡᠭ᠎ᠤᠨ ᠨᠢᠭᠡᠳᠦᠭᠡᠷ ᠰᠢᠭᠦᠯᠲᠡ ᠵᠢᠨ ᠲᠠᠰᠤᠯᠤᠯᠲᠠ ᠵᠢ ᠨᠡᠶ᠋ᠢᠲᠡᠯᠡᠪᠡ᠃
ᠵᠠᠭ᠋ᠠᠯᠳᠤᠭᠳᠠᠭᠴᠢ ᠶᠣᠣ ᠵᠢᠩ ᠢ ᠵᠢᠨ ᠬᠠᠷ᠎ᠠ ᠪᠦᠯᠦᠭᠲᠡᠨ᠎ᠤ ᠰᠢᠨᠵᠢᠲᠡᠢ ᠵᠣᠬᠢᠶᠠᠨ ᠪᠠᠶ᠋ᠢᠭᠤᠯᠤᠯᠲᠠ᠎ᠨᠢ ᠵᠣᠬᠢᠶᠠᠨ ᠪᠠᠶ᠋ᠢᠭᠤᠯᠤᠨ ᠤᠳᠤᠷᠢᠳᠤᠭᠰᠠᠨ ᠶᠠᠯ᠎ᠠ᠂ ᠵᠣᠭᠤᠰ ᠨᠠᠭ᠋ᠠᠳᠬᠤ ᠭᠠᠵᠠᠷ ᠡᠷᠬᠢᠯᠡᠭᠰᠡᠨ ᠶᠠᠯ᠎ᠠ᠂ ᠬᠡᠷᠡᠭ ᠥᠳᠥᠭᠡᠭᠰᠡᠨ ᠶᠠᠯ᠎ᠠ᠂ ᠬᠢᠬᠠᠭᠰᠠᠨ ᠶᠠᠯ᠎ᠠ᠂ ᠵᠣᠷᠢᠭᠤᠳᠠ ᠭᠡᠮᠲᠦᠭᠡᠭᠰᠡᠨ ᠶᠠᠯ᠎ᠠ᠂ ᠬᠠᠤᠯᠢ ᠪᠤᠰᠤ᠎ᠪᠠᠷ ᠬᠤᠷᠢᠭᠰᠠᠨ ᠶᠠᠯ᠎ᠠ᠂ ᠠᠯᠪᠠᠳᠠᠨ ᠠᠷᠠᠯᠵᠢᠶᠠᠯᠠᠭᠰᠠᠨ ᠶᠠᠯ᠎ᠠ ᠵᠡᠷᠭᠡ ᠬᠡᠳᠦ ᠬᠡᠳᠥᠨ ᠶᠠᠯ᠎ᠠ ᠵᠢ ᠪᠦᠷᠢᠯᠳᠦᠭᠦᠯᠵᠦ᠂ ᠬᠡᠳᠥᠨ ᠶᠠᠯ᠎ᠠ ᠵᠢ ᠨᠡᠶ᠋ᠢᠯᠡᠭᠦᠯᠦᠭᠡᠳ 21 ᠵᠢᠯ᠎ᠤᠨ ᠬᠤᠭᠤᠴᠠᠭ᠎ᠠ᠎ᠲᠠᠢ ᠬᠣᠷᠢᠬᠤ ᠰᠢᠳᠭᠡᠯ ᠥᠭᠴᠦ᠂ ᠤᠯᠤᠰ ᠲᠥᠷᠥ ᠵᠢᠨ ᠡᠷᠬᠡ ᠵᠢ᠎ᠨᠢ 5 ᠵᠢᠯ ᠬᠠᠰᠤᠵᠤ᠂ ᠬᠤᠪᠢ ᠬᠥᠮᠥᠨ᠎ᠤ ᠪᠦᠬᠦ ᠡᠳ᠋ ᠬᠥᠷᠥᠩᠭᠡ ᠵᠢ᠎ᠨᠢ ᠬᠤᠷᠢᠶᠠᠵᠤ ᠠᠪᠬᠤ᠎ᠪᠠᠷ ᠰᠢᠳᠭᠡᠪᠡ᠃ ᠯᠢᠦ ᠵᠢᠶᠠᠨ ᠸᠧᠢ ᠵᠡᠷᠭᠡ ᠪᠤᠰᠤᠳ 23 ᠵᠠᠭ᠋ᠠᠯᠳᠤᠭᠳᠠᠭᠴᠢ ᠵᠢ ᠲᠤᠰᠪᠦᠷᠢ 2 ᠵᠢᠯ 4 ᠰᠠᠷ᠎ᠠ᠎ᠠᠴᠠ 14 ᠵᠢᠯ 6 ᠰᠠᠷ᠎ᠠ ᠪᠣᠯᠲᠠᠯᠠᠬᠢ ᠠᠳᠠᠯᠢ ᠪᠤᠰᠤ ᠡᠷᠡᠭᠦᠦ ᠵᠢᠨ ᠬᠤᠭᠤᠴᠠᠭ᠎ᠠ᠎ᠲᠠᠢ ᠬᠤᠷᠢᠬᠤ᠎ᠪᠠᠷ ᠰᠢᠳᠭᠡᠵᠦ᠂ 3 ᠲᠦᠮᠡ᠎ᠠᠴᠠ 90 ᠲᠦᠮᠡ ᠵᠢᠨ ᠬᠣᠭᠣᠷᠣᠨᠳᠣᠬᠢ ᠠᠳᠠᠯᠢ ᠪᠤᠰᠤ ᠡᠳ᠋ ᠬᠥᠷᠥᠩᠭᠡ ᠵᠢᠨ ᠡᠷᠡᠭᠦᠦ᠎ᠪᠠᠷ ᠨᠡᠶ᠋ᠢᠯᠡᠭᠦᠯᠦᠨ ᠰᠢᠳᠭᠡᠪᠡ᠃
ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ ᠥᠷᠨᠢᠭᠦᠯᠦᠭᠰᠡᠨ᠎ᠠᠴᠠ ᠨᠠᠭ᠋ᠠᠰᠢ᠂ ᠬᠠᠩᠭᠢᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠡᠭᠡᠲᠦ ᠱᠠᠲᠤᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠣᠯᠠᠨ ᠠᠷᠭ᠎ᠠ ᠪᠣᠳᠣᠯᠭ᠎ᠠ ᠵᠢ ᠵᠡᠷᠭᠡ᠎ᠪᠡᠷ ᠬᠡᠷᠡᠭᠵᠢᠭᠦᠯᠵᠦ᠂ ᠨᠢᠭᠡ ᠪᠦᠯᠦᠭ ᠬᠠᠷ᠎ᠠ ᠪᠦᠯᠦᠭᠳᠡᠨ ᠬᠠᠷᠭᠢᠰ ᠬᠦᠴᠦᠨ᠎ᠲᠠᠢ ᠬᠤᠯᠪᠣᠭᠳᠠᠭᠰᠠᠨ ᠬᠡᠷᠡᠭ᠎ᠤᠳ᠎ᠢ ᠠᠮᠵᠢᠯᠲᠠ᠎ᠲᠠᠢ ᠲᠠᠩᠨᠠᠨ ᠰᠢᠢ᠍ᠳᠪᠥᠷᠢᠯᠡᠵᠦ᠂ ᠬᠠᠷᠭᠢᠰ ᠬᠦᠴᠦᠨ᠎ᠳᠤ ᠬᠤᠯᠪᠣᠭᠳᠠᠭᠰᠠᠨ ᠣᠯᠠᠨ ᠶᠠᠯᠠᠲᠤ ᠪᠥᠯᠥᠭ ᠪᠠ ᠪᠥᠯᠦᠭᠯᠡᠯᠢ ᠪᠠᠷᠢᠪᠴᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ 《ᠭᠣᠣᠯ ᠬᠦᠴᠦᠨ》᠎ᠤ ᠦᠢ᠍ᠯᠡᠳᠥᠯ ᠵᠶ᠋ᠠᠨ ᠬᠦᠢ᠍ᠴᠡᠳ ᠪᠠᠳᠠᠷᠠᠭᠤᠯᠪᠠ᠃ ᠡᠭᠦᠨ᠎ᠳᠤ ᠬᠠᠩᠭᠢᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠶᠤᠯ ᠲᠦᠭᠰᠢᠭᠦᠷᠢᠲᠡᠢ ᠦᠶ᠎ᠡ᠎ᠳᠤ ᠵᠠᠷᠯᠢᠭ ᠲᠣᠰᠴᠤ᠂ ᠪᠤᠭᠤᠲᠤ ᠬᠤᠲᠠ ᠵᠢᠨ ᠴᠢᠩ ᠱᠠᠨ ᠲᠣᠭᠤᠷᠢᠭ᠎ᠲᠤ ᠠᠷᠪᠠᠭ᠋ᠠᠳ ᠵᠢᠯ ᠲᠦᠢ᠍ᠪᠡᠭᠡᠭᠰᠡᠨ ᠶᠣᠣ ᠵᠢᠩ ᠢᠪᠠᠷ ᠲᠣᠯᠣᠭ᠋ᠠᠶ᠋ᠢᠯᠠᠭᠤᠯᠤᠭᠰᠠᠨ ᠬᠠᠷ᠎ᠠ ᠪᠦᠯᠦᠭᠲᠡᠨᠢ ᠪᠠᠷᠢᠪᠴᠢᠯᠠᠵᠤ᠂ ᠬᠠᠩᠭᠢᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠡᠰ ᠵᠣᠷᠢᠭ ᠪᠠ ᠴᠤᠭ ᠵᠢᠪᠬᠤᠭ᠎ᠠ ᠵᠢ ᠢᠯᠡᠷᠡᠭᠦᠯᠵᠡᠢ᠃
2018 ᠣᠨ᠎ᠤ 7 ᠰᠠᠷ᠎ᠠ ᠵᠢᠨ 10᠎ᠤ ᠡᠳᠦᠷ᠂ ᠪᠠᠶᠠᠨᠨᠠᠭᠤᠷ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠶᠣᠣ ᠵᠢᠩ ᠢ ᠵᠡᠷᠭᠡ ᠬᠥᠮᠥᠰ᠎ᠤᠨ ᠬᠢᠬᠠᠭᠰᠠᠨ ᠬᠡᠷᠡᠭ᠂ ᠵᠣᠷᠢᠭᠤᠳᠠ ᠭᠡᠮᠲᠦᠭᠡᠭᠰᠡᠨ ᠬᠡᠷᠡᠭ᠎ᠢ ᠬᠠᠩᠭᠢᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠪᠠᠷ ᠬᠠᠮᠢᠶᠠᠷᠤᠭᠤᠯᠪᠠ᠃ ᠵᠠᠷᠯᠢᠭ᠎ᠢ ᠲᠣᠰᠤᠭᠰᠠᠨᠤ ᠲᠠᠷᠠᠭ᠎ᠠ᠂ ᠬᠠᠩᠭᠢᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠤᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠩ ᠲᠡᠷᠢᠭᠦᠨ᠎ᠳᠤ ᠪᠦᠬᠦ ᠲᠣᠪᠴᠢᠶᠠᠨ᠎ᠤ ᠡᠯ᠎ᠠ ᠰᠢᠯᠢᠳᠡᠭ ᠴᠠᠭᠳᠠᠭ᠋ᠠᠨ᠎ᠤ ᠬᠦᠴᠦᠨ᠎ᠢ ᠴᠤᠭᠯᠠᠭᠤᠯᠵᠤ ᠲᠤᠰᠬᠠᠢ ᠬᠡᠷᠡᠭ᠎ᠤᠨ ᠲᠣᠭᠤᠶ᠋ᠢᠯᠠᠩ ᠪᠠᠶ᠋ᠢᠭᠤᠯᠤᠭ᠋ᠠᠳ ᠪᠤᠭᠤᠲᠤ ᠬᠤᠲᠠ ᠵᠢᠨ ᠴᠢᠩ ᠱᠠᠨ ᠲᠣᠭᠤᠷᠢᠭ᠎ᠲᠤ ᠬᠦᠷᠴᠦ ᠠᠵᠢᠯ ᠵᠶ᠋ᠠᠨ ᠥᠷᠨᠢᠭᠦᠯᠪᠡ᠃ ᠲᠤᠰᠬᠠᠢ ᠬᠡᠷᠡᠭ᠎ᠤᠨ ᠲᠣᠭᠤᠶ᠋ᠢᠯᠠᠩ ᠲᠠᠩᠨᠠᠨ ᠰᠢᠢ᠍ᠳᠪᠦᠷᠢᠯᠡᠬᠦ ᠶᠠᠪᠤᠴᠠ᠎ᠳᠤ᠂ ᠲᠤᠰ ᠬᠡᠷᠡᠭ ᠪᠣᠯ ᠡᠩ᠎ᠤᠨ ᠬᠠᠷᠭᠢᠰ ᠬᠦᠴᠦᠨ᠎ᠳᠤ ᠬᠤᠯᠪᠣᠭᠳᠠᠭᠰᠠᠨ ᠡᠷᠡᠭᠦᠦ ᠵᠢᠨ ᠬᠡᠷᠡᠭ ᠪᠢᠰᠢ᠂ ᠬᠠᠷᠢᠨ ᠶᠣᠣ ᠵᠢᠩ ᠢᠪᠠᠷ ᠲᠣᠯᠣᠭ᠋ᠠᠶ᠋ᠢᠯᠠᠭᠤᠯᠤᠭᠰᠠᠨ ᠬᠠᠷ᠎ᠠ ᠪᠦᠯᠦᠭᠲᠡᠨ᠎ᠲᠠᠢ ᠬᠤᠯᠪᠣᠭᠳᠠᠭᠰᠠᠨ ᠵᠣᠬᠢᠶᠠᠨ ᠪᠠᠶ᠋ᠢᠭᠤᠯᠤᠯᠲᠠ᠎ᠲᠠᠢ ᠶᠠᠯᠠᠲᠤ ᠠᠵᠢᠯᠯᠠᠭ᠎ᠠ ᠪᠣᠯᠬᠤ ᠵᠢ ᠮᠡᠳᠡᠪᠡ᠃
ᠪᠠᠶ᠋ᠢᠴᠠᠭ᠋ᠠᠬᠤ᠎ᠪᠠᠷ ᠳᠠᠮᠵᠢᠨ᠂ ᠶᠣᠣ ᠵᠢᠩ ᠢ 2007 ᠣᠨ᠎ᠳᠤ 《ᠱ᠌ᠢ ᠫᠧᠩ ᠦᠢ᠍ᠯᠡᠳᠪᠦᠷᠢ ᠠᠷᠠᠯᠵᠢᠶᠠᠨ᠎ᠤ ᠺᠣᠮᠫᠠᠨᠢ》 ᠵᠢ ᠪᠠᠶ᠋ᠢᠭᠤᠯᠤᠭᠰᠠᠠᠴᠠ ᠨᠠᠭ᠋ᠠᠰᠢ᠂ ᠵᠣᠷᠢᠭᠤᠳᠠ ᠭᠡᠮᠲᠦᠭᠡᠬᠦ᠂ ᠠᠯᠪᠠᠨ᠎ᠤ ᠪᠠ ᠬᠤᠪᠢ ᠵᠢᠨ ᠡᠳ᠋ ᠬᠤᠭᠰᠢᠯᠢ ᠵᠣᠷᠢᠭᠤᠳᠠ ᠡᠪᠲᠡᠨ ᠰᠦᠢ᠍ᠳᠬᠡᠬᠦ᠂ ᠬᠢᠬᠠᠵᠤ ᠮᠥᠯᠵᠢᠬᠦ᠂ ᠠᠯᠪᠠᠳᠠᠨ ᠠᠷᠠᠯᠵᠢᠶᠠᠯᠠᠬᠤ ᠵᠡᠷᠭᠡ ᠡᠯ᠎ᠡ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠥᠷᠨᠢᠭᠦᠯᠪᠡ᠃ ᠨᠡᠩ ᠶᠡᠭᠡ ᠠᠰᠢᠭ ᠲᠤᠰᠠ ᠤᠯᠬᠤ ᠵᠢᠨ ᠲᠥᠯᠥᠭᠡ᠂ 2010 ᠣᠨ᠎ᠠᠴᠠ ᠡᠬᠢᠯᠡᠨ᠂ ᠶᠣᠣ ᠵᠢᠩ ᠢ ᠵᠣᠬᠢᠶᠠᠨ ᠪᠠᠶ᠋ᠢᠭᠤᠯᠤᠯᠲᠠ ᠵᠢᠨ ᠬᠡᠰᠢᠬᠦᠨᠲᠠᠢᠪᠠᠨ ᠬᠠᠮᠲᠤ ᠬᠤᠪᠢ ᠣᠷᠣᠭᠤᠯᠬᠤ ᠬᠡᠯᠪᠡᠷᠢ᠎ᠪᠠᠷ ᠺᠠᠷᠲ᠋ᠣᠨ ᠬᠤᠲᠠ ᠡᠵᠡᠩᠨᠡᠬᠦ ᠨᠡᠷ᠎ᠡ ᠡᠯᠭᠦᠵᠦ᠂ ᠵᠣᠭᠣᠰ ᠨᠠᠭ᠋ᠠᠳᠬᠤ ᠮᠠᠰᠢᠨ ᠬᠤᠳᠠᠯᠳᠤᠨ ᠠᠪᠴᠤ᠂ ᠵᠣᠭᠣᠰ ᠨᠠᠭ᠋ᠠᠳᠬᠤ ᠭᠠᠵᠠᠷ ᠡᠷᠬᠢᠯᠡᠵᠦ᠂ ᠬᠠᠤᠯᠢ ᠪᠤᠰᠤ᠎ᠪᠠᠷ ᠬᠡᠳᠦᠨ ᠮᠢᠩᠭ᠋ᠠᠨ ᠲᠦᠮᠡᠨ ᠲᠥᠭᠦᠷᠢᠭ ᠤᠨ ᠠᠰᠢᠭ ᠣᠯᠣᠭᠰᠠᠨ ᠪᠠᠶ᠋ᠢᠨ᠎ᠠ᠃ 2010 ᠣᠨ᠎ᠠᠴᠠ 2017 ᠣᠨ ᠪᠣᠯᠲᠠᠯ᠎ᠠ᠂ ᠵᠣᠭᠤᠰ ᠨᠠᠭ᠋ᠠᠳᠬᠤ᠎ᠪᠠᠷ ᠠᠴᠢᠶᠠᠯᠠᠪᠤᠷᠢ ᠪᠣᠯᠭ᠋ᠠᠵᠤ᠂ ᠶᠣᠣ ᠵᠢᠩ ᠢᠪᠠᠷ ᠤᠳᠤᠷᠢᠳᠤᠭᠴᠢ ᠪᠣᠯᠭ᠋ᠠᠭᠰᠠᠨ ᠬᠠᠷ᠎ᠠ ᠪᠦᠯᠦᠭᠲᠡᠨ᠎ᠤ ᠰᠢᠨᠵᠢᠲᠡᠢ ᠵᠣᠬᠢᠶᠠᠨ ᠪᠠᠶ᠋ᠢᠭᠤᠯᠤᠯᠲᠠ ᠠᠯᠭᠤᠷ ᠪᠦᠷᠢᠯᠳᠦᠪᠡ᠃ ᠲᠣᠰ ᠬᠠᠷ᠎ᠠ ᠪᠦᠯᠦᠭᠲᠡᠨ᠎ᠤ ᠵᠣᠬᠢᠶᠠᠨ ᠪᠠᠶ᠋ᠢᠭᠤᠯᠤᠯᠲᠠ ᠵᠢᠨ ᠳᠡᠰ ᠳᠠᠪᠬᠤᠷᠭ᠎ᠠ᠎ᠨᠢ ᠢᠯᠡᠷᠬᠡᠢ᠂ ᠭᠡᠰᠢᠭᠦᠨ᠎ᠤ ᠲᠣᠭ᠎ᠠ᠎ᠨᠢ ᠠᠷᠪᠢᠨ᠂ ᠠᠵᠢᠯ᠎ᠤᠨ ᠬᠤᠪᠢᠶᠠᠷᠢᠯᠠᠯ᠎ᠨᠢ ᠲᠣᠳᠣᠷᠬᠠᠢ ᠪᠠᠶ᠋ᠢᠵᠤ᠂ ᠲᠠᠰᠤᠷᠠᠯᠲᠠ ᠦᠭᠡᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠵᠢᠨ ᠬᠠᠮᠲᠤ ᠳᠦᠷᠦ ᠵᠢᠨ ᠠᠯᠪᠠᠲᠠᠨ᠎ᠢ ᠤᠷᠤᠭᠤ ᠲᠠᠲᠠᠨ ᠢᠯᠵᠠᠷᠠᠭᠤᠯᠵᠤ᠂ ᠪᠤᠭᠤᠲᠤ ᠬᠤᠲᠠ ᠵᠢᠨ ᠴᠢᠩ ᠱᠠᠨ ᠲᠣᠭᠤᠷᠢᠭ ᠵᠢᠴᠢ ᠡᠷᠬᠢᠨ ᠲᠣᠭᠤᠷᠢᠨ᠎ᠢ ᠡᠵᠡᠷᠬᠡᠵᠦ᠂ ᠣᠯᠠᠨ ᠤᠳᠠᠭ᠋ᠠᠨ᠎ᠤ ᠶᠠᠯᠠᠲᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠤᠯᠠᠨ ᠲᠦᠮᠡᠨ᠎ᠢ ᠳᠠᠷᠤᠯᠠᠨ ᠳᠣᠷᠤᠮᠵᠢᠯᠠᠵᠤ᠂ ᠪᠤᠭᠤᠲᠤ ᠬᠤᠲᠠ ᠵᠢᠨ ᠴᠢᠩ ᠱᠠᠨ ᠲᠣᠭᠤᠷᠢᠭ᠎ᠤᠨ ᠠᠵᠤ ᠠᠬᠤᠢ᠂ ᠨᠡᠶ᠋ᠢᠭᠡᠮ᠎ᠤᠨ ᠠᠮᠢᠳᠤᠷᠠᠯ᠎ᠤᠨ ᠡᠮᠬᠢ ᠳᠢᠭᠯᠢᠮ ᠵᠢ ᠭᠦᠨ᠎ᠳᠦ ᠨᠣᠴᠢᠲᠠᠢ ᠡᠪᠳᠡᠭᠰᠡᠨ ᠪᠠᠶ᠋ᠢᠨ᠎ᠠ᠃
ᠬᠠᠩᠭᠢᠨ ᠬᠤᠶ᠋ᠢᠲᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢ ᠭᠠᠵᠠᠷ᠎ᠲᠤ ᠬᠡᠷᠡᠭ ᠰᠢᠢ᠍ᠳᠪᠦᠷᠢᠯᠡᠬᠦ ᠵᠡᠷᠭᠡ ᠵᠦᠢ᠍ᠯ ᠵᠦᠢ᠍ᠯ᠎ᠤᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠲᠣᠰ ᠵᠣᠬᠢᠶᠠᠨ ᠪᠠᠶ᠋ᠢᠭᠤᠯᠤᠯᠲᠠ ᠵᠢᠨ ᠶᠠᠯᠠᠲᠤ ᠠᠵᠢᠯᠯᠠᠭ᠎ᠠ ᠵᠢᠨ ᠣᠨᠴᠠᠯᠢᠭ᠎ᠢ ᠨᠢᠭᠡ ᠵᠢᠯ᠎ᠤᠨ ᠳᠣᠲᠣᠷ᠎ᠠ ᠠᠮᠵᠢᠯᠲᠠ᠎ᠲᠠᠢ ᠡᠮᠬᠢᠯᠡᠨ ᠭᠠᠷᠭ᠋ᠠᠵᠤ᠂ ᠡᠴᠦᠰ᠎ᠲᠤᠨᠢ ᠲᠥᠪᠯᠡᠷᠡᠭᠦᠯᠦᠨ ᠪᠠᠷᠢᠪᠴᠢᠯᠠᠬᠤ᠂ ᠰᠦᠯᠵᠢᠶᠡᠨ ᠳᠡᠭᠡᠷ᠎ᠡ ᠨᠡᠬᠡᠮᠵᠢᠯᠡᠨ ᠪᠠᠷᠢᠪᠴᠢᠯᠠᠬᠤ᠂ ᠢᠳᠬᠠᠨ ᠰᠠᠨᠠᠭᠤᠯᠵᠤ ᠬᠡᠷᠡᠭ ᠵᠶ᠋ᠠᠨ ᠴᠠᠭ᠋ᠠᠪᠤᠷᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠬᠡᠷᠡᠭ᠎ᠲᠤ ᠬᠤᠯᠪᠣᠭᠳᠠᠭᠰᠠᠨ 24 ᠶᠠᠯ᠎ᠠ ᠬᠢᠭᠰᠡᠨ ᠰᠡᠵᠢᠭᠳᠡᠨ᠎ᠢ ᠪᠦᠬᠦᠨ᠎ᠢ ᠪᠠᠷᠢᠪᠴᠢᠯᠠᠪᠠ᠃

