ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠳᠣᠲᠣᠭ᠋ᠠᠳᠤ ᠵᠢ ᠬᠠᠮᠠᠭ᠋ᠠᠯᠠᠬᠤ ᠶᠠᠮᠤᠨ 《ᠤᠷᠠᠬᠠᠳᠤ ᠵᠢᠭᠡᠯᠡᠯᠭᠡ》 ᠵᠢᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ 6 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2020-07-29

      ᠳᠣᠲᠣᠭ᠋ᠠᠳᠤ ᠵᠢ ᠬᠠᠮᠠᠭ᠋ᠠᠯᠠᠬᠤ ᠶᠠᠮᠤᠨ 《ᠤᠷᠠᠬᠠᠳᠤ ᠵᠢᠭᠡᠯᠡᠯᠭᠡ》 ᠵᠢᠨ ᠶᠠᠯᠠᠲᠤ ᠠᠵᠢᠯᠯᠠᠭ᠎ᠠ᠎ᠳᠤ

      ᠴᠣᠬᠢᠯᠲᠠ ᠥᠭᠭᠦᠭᠰᠡᠨ 6 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ


      ᠪᠥᠬᠦ ᠤᠯᠤᠰ᠎ᠲᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ ᠥᠷᠨᠢᠭᠦᠯᠦᠭᠰᠡᠨ᠎ᠠᠴᠠ ᠨᠠᠭ᠋ᠠᠰᠢ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠬᠠᠤᠯᠢ ᠶᠣᠰᠣᠭ᠋ᠠᠷ 《ᠤᠷᠠᠬᠠᠳᠤ ᠵᠢᠭᠡᠯᠡᠯᠭᠡ》 ᠵᠢᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠲᠤᠬᠠᠶ ᠪᠥᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠪᠠᠶ᠋ᠢᠷᠢᠯᠠᠭᠤᠯᠪᠠ᠃ ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠨᠡ ᠵᠢᠯ᠎ᠠᠴᠠ ᠨᠠᠰᠢ ᠨᠡᠶ᠋ᠢᠲᠡ 260 ᠭᠠᠷᠤᠶ ᠶᠠᠯᠠᠲᠤ ᠪᠦᠯᠬᠦᠮ᠎ᠢ ᠰᠦᠢ᠍ᠷᠡᠭᠦᠯᠵᠦ᠂ ᠶᠠᠯ᠎ᠠ ᠬᠢᠭᠰᠡᠨ ᠰᠡᠵᠢᠭᠳᠡᠨ᠎ᠢ 1270 ᠭᠠᠷᠤᠶ ᠪᠠᠷᠢᠪᠴᠢᠯᠠᠪᠠ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠲᠦᠷᠦᠭᠦᠬᠡᠨ 《ᠤᠷᠠᠬᠠᠳᠤ ᠵᠢᠭᠡᠯᠡᠯᠭᠡ》 ᠵᠢᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ 6 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ᠃

     《11 ᠰᠠᠷ᠎ᠠ ᠵᠢᠨ 5》᠎ᠤ ᠰᠦᠯᠵᠢᠶᠡᠨ ᠲᠡᠭᠡᠷᠡᠬᠢ 《ᠤᠷᠠᠬᠠᠳᠤ ᠵᠢᠭᠡᠯᠡᠯᠭᠡ》 ᠵᠢᠨ   ᠣᠨᠴᠠ ᠶᠡᠭᠡ ᠶᠠᠯᠠᠲᠤ ᠬᠡᠷᠡᠭ᠃
      ᠵᠧᠵᠢᠶᠠᠩ ᠮᠤᠵᠢ ᠵᠢᠨ ᠱᠣᠤᠰᠢᠩ᠎ᠤᠨ 《ᠰᠦᠯᠵᠢᠶᠡᠨ ᠲᠡᠭᠡᠷᠡᠬᠢ ᠰᠠᠮ ᠬᠤᠷᠣᠬᠠᠶ》 《ᠤᠷᠠᠬᠠᠳᠤ ᠵᠢᠭᠡᠯᠡᠯᠭᠡ》 ᠵᠢᠨ ᠶᠠᠯᠠᠲᠤ ᠬᠡᠷᠡᠭ᠃
      ᠾᠧᠨᠠᠨ᠎ᠤ ᠫᠢᠩ ᠳ᠋ᠢᠩ ᠱᠠᠨ᠎ᠤ 《3 ᠰᠠᠷ᠎ᠠ ᠵᠢᠨ 25》᠎ᠤ 《ᠤᠷᠠᠬᠠᠳᠤ ᠵᠢᠭᠡᠯᠡᠯᠭᠡ》 ᠵᠢᠨ ᠶᠠᠯᠠᠲᠤ ᠬᠡᠷᠡᠭ᠃
      ᠭᠤᠸᠠᠩᠳᠦ᠋ᠩ ᠮᠤᠵᠢ ᠵᠢᠨ ᠮᠧᠶ ᠵᠧᠤ ᠵᠢᠨ 《6 ᠰᠠᠷ᠎ᠠ ᠵᠢᠨ 10》᠎ᠤ 《ᠤᠷᠠᠬᠠᠳᠤ ᠵᠢᠭᠡᠯᠡᠯᠭᠡ》 ᠵᠢᠨ ᠶᠠᠯᠠᠲᠤ ᠬᠡᠷᠡᠭ᠃

      ᠴᠦᠩᠴᠢᠩ᠎ᠤᠨ ᠱ᠌ᠢ ᠵᠦ᠍ ᠵᠢᠨ ᠲᠦᠵᠢᠶᠠ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ 《ᠶᠦᠨ ᠱᠠᠨ ᠵᠢᠭᠡᠯᠡᠯᠭᠡ》 《ᠤᠷᠠᠬᠠᠳᠤ ᠵᠢᠭᠡᠯᠡᠯᠭᠡ》 ᠵᠢᠨ ᠶᠠᠯᠠᠲᠤ ᠬᠡᠷᠡᠭ᠃
      ᠵᠢᠶᠠᠩᠰᠦ ᠵᠢᠨ ᠲᠠᠶ᠋ᠢᠵᠸᠤ ᠵᠢᠨ 《6 ᠰᠠᠷ᠎ᠠ ᠵᠢᠨ 17》᠎ᠤ ᠬᠠᠤᠯᠢ ᠪᠤᠰᠤ᠎ᠪᠠᠷ ᠨᠡᠬᠡᠮᠵᠢᠯᠡᠨ ᠠᠪᠤᠭᠰᠠᠨ ᠬᠡᠷᠡᠭ ᠪᠤᠯᠤᠨ᠎ᠠ᠃  

ᠢᠷᠡᠯᠲᠡ᠄ ᠠᠷᠠᠳ᠎ᠤᠨ ᠰᠦᠯᠵᠢᠶ᠎ᠡ