ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠳᠤᠳᠤᠭ᠋ᠠᠳᠤ ᠵᠢ ᠬᠠᠮᠠᠭ᠋ᠠᠯᠠᠬᠤ ᠶᠠᠮᠤᠨ ᠬᠠᠮᠤᠭ ᠰᠢᠨ᠎ᠡ ᠮᠡᠭᠡᠯᠡᠯ᠎ᠢ ᠰᠡᠷᠭᠡᠢ᠌ᠯᠡᠬᠦ ᠵᠦᠭᠯᠡᠭᠦᠷ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2020-07-29

       5 ᠲᠥᠷᠥᠯ᠎ᠤᠨ ᠣᠯᠠᠨ ᠡᠭᠦᠰᠬᠦ ᠴᠠᠬᠢᠯᠭ᠋ᠠᠨ ᠬᠣᠯᠪᠣᠭ᠎ᠠ ᠰᠦᠯᠵᠢᠶᠡᠨ᠎ᠤ



        ᠮᠡᠬᠡᠯᠡᠯ᠎ᠤᠨ ᠬᠡᠷᠡᠭ᠎ᠤᠨ ᠮᠡᠬᠡᠯᠡᠬᠦ ᠵᠢ ᠰᠡᠷᠭᠡᠢ᠌ᠯᠡᠬᠦ ᠵᠦᠭᠯᠡᠭᠦᠷ


   

     

     1. ᠵᠢᠭᠡᠯᠡᠯᠭᠡ ᠵᠢᠨ ᠲᠥᠷᠥᠯ᠎ᠤᠨ ᠮᠡᠬᠡᠯᠡᠯ

      ᠮᠡᠬᠡᠯᠡᠭᠴᠢᠳ ᠶᠡᠷᠦ᠎ᠨᠢ ᠪᠠᠷᠢᠴᠠᠭ᠎ᠠ ᠦᠭᠡᠢ᠂ ᠪᠠᠲᠤᠯᠠᠭ᠎ᠠ ᠦᠭᠡᠢ᠂ ᠳᠣᠣᠷ᠎ᠠ ᠬᠦᠦ ᠮᠥᠩᠭᠥ᠎ᠪᠠᠷ ᠮᠡᠭᠡ ᠪᠤᠯᠭ᠋ᠠᠵᠦ᠂ ᠬᠣᠣᠷᠯᠠᠭᠳᠠᠭᠴᠢ ᠵᠢ ᠥᠳᠥᠭᠡᠨ ᠲᠠᠲᠠᠵᠤ ᠬᠤᠳᠠᠯ ᠬᠠᠭᠤᠷᠮᠠᠭ ᠵᠢᠭᠡᠯᠡᠯᠭᠡ ᠵᠢᠨ ᠰᠦᠯᠵᠢᠶ᠎ᠡ ᠪᠤᠶᠤ APP ᠵᠢ ᠪᠠᠭᠤᠯᠭ᠋ᠠᠵᠤ᠂ ᠳᠠᠷᠠᠭ᠎ᠠ᠎ᠨᠢ ᠵᠢᠩᠬᠢᠨᠢ ᠵᠢᠭᠡᠯᠡᠯᠭᠡ ᠵᠢᠨ ᠲᠠᠪᠴᠠᠩ᠎ᠤᠨ ᠶᠠᠪᠤᠴᠠ ᠵᠢ ᠳᠠᠭᠤᠷᠢᠶᠠᠵᠤ ᠬᠣᠬᠢᠷᠠᠯ ᠠᠮᠰᠠᠭᠴᠢ ᠵᠢᠨ ᠬᠤᠪᠢ ᠬᠥᠮᠦᠨ᠎ᠤ ᠮᠡᠳᠡᠭᠡ ᠵᠠᠩᠭᠢ ᠵᠢ ᠲᠠᠭᠯᠠᠬᠤ ᠵᠢ ᠱᠠᠭ᠋ᠠᠷᠳᠠᠵᠤ᠂ ᠬᠠᠮᠤᠭ ᠰᠡᠬᠦᠯ᠎ᠳᠤᠨᠢ ᠭᠠᠷ ᠭᠦᠢ᠍ᠴᠡᠳᠭᠡᠯ᠎ᠤᠨ ᠰᠦᠢ᠍ᠳᠭᠡᠯ᠂ ᠪᠠᠲᠤᠯᠠᠪᠤᠷᠢ ᠵᠢᠨ ᠮᠥᠩᠭᠥ ᠲᠤᠰᠢᠶᠠᠬᠤ᠎ᠪᠠᠷ ᠰᠢᠯᠲᠠᠭ ᠪᠣᠯᠭ᠋ᠠᠵᠤ᠂ ᠬᠣᠤᠷᠯᠠᠭᠳᠠᠭᠴᠢ ᠵᠢᠨ ᠲᠡᠡᠭᠰᠠ ᠰᠢᠯᠵᠢᠭᠦᠯᠦᠨ ᠭᠤᠪᠢᠭᠤᠯᠭ᠎ᠠ ᠵᠢᠨ ᠵᠣᠭᠣᠰ᠎ᠢ ᠮᠡᠭᠡᠯᠡᠨ᠎ᠡ᠃

      ᠮᠡᠬᠡᠯᠡᠬᠦ ᠵᠢ ᠰᠡᠷᠭᠡᠶ᠋ᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷᠡᠬᠢ ᠵᠢᠭᠡᠯᠡᠯᠭᠡ᠎ᠳᠤ ᠤᠷᠢᠳᠠᠪᠠᠷ ᠵᠣᠭᠣᠰ ᠲᠤᠰᠢᠶᠠᠬᠤ ᠴᠢᠬᠤᠯᠠ᠎ᠲᠠᠢ ᠪᠦᠬᠦᠨ᠎ᠢ ᠢᠲᠡᠭᠡᠵᠦ ᠪᠣᠯᠬᠤ ᠦᠭᠡᠢ᠃


     2. ᠲᠤᠰᠢᠶᠠᠯ ᠬᠠᠪᠰᠤᠷᠭ᠋ᠠᠵᠤ ᠪᠠᠶ᠋ᠢᠭ᠋ᠠᠳ ᠳᠠᠩᠰᠠ ᠪᠦᠷᠢᠳᠭᠡᠯ᠎ᠤᠨ ᠮᠡᠬᠡᠯᠡᠯ

      ᠮᠡᠬᠡᠯᠡᠭᠴᠢᠳ ᠡᠯ᠎ᠡ ᠵᠦᠢ᠍ᠯ᠎ᠤᠨ QQ ᠴᠤᠭᠯᠠᠷᠠᠯ᠂ ᠸᠢᠴᠠᠲ᠎ᠤᠨ ᠴᠤᠭᠯᠠᠷᠠᠯ᠂ ᠠᠵᠢᠯᠲᠠᠨ ᠡᠯᠰᠡᠬᠦ ᠰᠦᠯᠵᠢᠶ᠎ᠡ ᠪᠤᠶᠤ ᠣᠬᠣᠷ ᠮᠡᠳᠡᠭᠡ ᠵᠠᠩᠭᠢ ᠵᠢᠨ ᠳᠤᠮᠳᠠ ᠲᠤᠰᠢᠶᠠᠯ ᠬᠠᠪᠰᠤᠷᠭ᠋ᠠᠭᠰᠠᠨ ᠮᠡᠳᠡᠭᠡ ᠵᠠᠩᠭᠢ ᠨᠡᠶ᠋ᠢᠲᠡᠯᠡᠵᠦ᠂ ᠰᠦᠯᠵᠢᠶᠡᠨ ᠳᠡᠭᠡᠷ᠎ᠡ ᠲᠤᠰᠢᠶᠠᠯ ᠬᠠᠪᠰᠤᠷᠭ᠋ᠠᠵᠤ ᠳᠠᠩᠰᠠ ᠪᠦᠷᠢᠳᠭᠡᠭᠦᠯᠬᠦ ᠵᠢ ᠡᠯᠰᠡᠵᠦ᠂ ᠥᠨᠳᠥᠷ ᠴᠠᠯᠢᠩ ᠵᠶ᠋ᠠᠷ ᠥᠭᠶᠥᠭᠡ ᠪᠣᠯᠭ᠋ᠠᠵᠤ ᠲᠤᠬᠠᠶ ᠵᠢᠨ ᠬᠥᠮᠦᠨ᠎ᠢ ᠲᠠᠲᠠᠵᠤ ᠤᠷᠠᠬᠠᠨ᠎ᠳᠤ ᠤᠷᠤᠭᠤᠯᠵᠤ᠂ ᠲᠤᠰ ᠬᠦᠮᠦᠰ ᠵᠶ᠋ᠠᠷ ᠳᠠᠩᠰᠠ ᠪᠦᠷᠢᠳᠭᠡᠬᠦ ᠵᠢ ᠱᠠᠭ᠋ᠠᠷᠳᠠᠨ᠎ᠠ᠃ ᠨᠢᠭᠡᠳᠦᠭᠡᠷ ᠤᠳᠠᠭ᠋ᠠᠨ᠎ᠤ ᠪᠠᠭ᠎ᠠ ᠲᠣᠭ᠋ᠠᠨ᠎ᠤ ᠬᠦᠦ ᠮᠥᠩᠭᠥ ᠪᠤᠴᠠᠭ᠋ᠠᠬᠤ ᠬᠥᠯᠥᠰᠥᠨ ᠮᠥᠩᠭᠥ᠎ᠨᠢ ᠶᠡᠷᠦ᠎ᠨᠢ ᠪᠡᠯᠡᠨ ᠵᠤᠭᠤᠰ ᠰᠤᠯᠢᠨ ᠦᠭᠴᠦ᠂ ᠲᠤᠬᠠᠶ ᠵᠢᠨ ᠬᠥᠮᠦᠨ᠎ᠤ ᠳᠠᠩᠰᠠ ᠪᠦᠷᠢᠳᠭᠡᠬᠦ ᠵᠣᠭᠣᠰ᠎ᠤᠨ ᠲᠣᠭ᠎ᠠ᠎ᠨᠢ ᠨᠡᠯᠢᠶᠡᠳ ᠶᠡᠬᠡ ᠪᠣᠯᠬᠤ ᠦᠶ᠎ᠡ᠎ᠳᠤ᠂ ᠰᠢᠰᠲ᠋ᠧᠮ᠎ᠨᠢ ᠪᠤᠷᠤᠭᠤ ᠭᠠᠷᠤᠭᠰᠠᠨ ᠵᠡᠷᠭᠡ ᠰᠢᠯᠲᠠᠭ᠋ᠠᠨ ᠵᠶ᠋ᠠᠷ ᠡᠬᠡ ᠮᠥᠩᠭᠥ ᠵᠢ ᠪᠤᠴᠠᠭ᠋ᠠᠬᠤ ᠦᠭᠡᠢ᠂ ᠲᠡᠭᠡᠭᠡᠳ ᠮᠡᠬᠡᠯᠡᠬᠦ ᠵᠣᠷᠢᠯᠭ᠎ᠠ᠎ᠳᠠᠭᠠᠨ ᠭᠦᠷᠦᠨ᠎ᠡ᠃


    ᠮᠡᠬᠡᠯᠡᠬᠦ ᠵᠢ ᠰᠡᠷᠭᠡᠶ᠋ᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠲᠤᠰᠢᠶᠠᠯ ᠬᠠᠪᠰᠤᠷᠭ᠋ᠠᠵᠤ ᠪᠠᠶ᠋ᠢᠭ᠋ᠠᠳ ᠳᠠᠩᠰᠠ ᠪᠦᠷᠢᠳᠭᠡᠬᠦ ᠪᠦᠬᠦᠨ᠎ᠢ ᠢᠲᠡᠭᠡᠵᠦ ᠪᠣᠯᠬᠤ ᠦᠭᠡᠢ᠃


     3᠂ ᠦᠢ᠍ᠯᠡᠴᠢᠯᠡᠭᠴᠢ᠎ᠪᠠᠷ ᠣᠪᠯᠠᠨ ᠵᠣᠭᠣᠰ ᠪᠤᠴᠠᠭ᠋ᠠᠬᠤ ᠮᠡᠭᠡᠯᠡᠯ

      ᠮᠡᠬᠡᠯᠡᠭᠴᠢᠳ ᠬᠣᠤᠷᠯᠠᠭᠳᠠᠭᠴᠢ᠎ᠲᠠᠢ ᠬᠠᠷᠢᠯᠴᠠᠵᠤ᠂ ᠶᠠᠮᠡᠷ ᠨᠢᠭᠡᠨ ᠪᠠᠷᠠᠭ᠎ᠠ ᠬᠤᠳᠠᠯᠳᠤᠨ ᠠᠪᠬᠤ ᠰᠦᠯᠵᠢᠶ᠎ᠡ᠂ ᠰᠦᠯᠵᠢᠶᠡᠨ᠎ᠤ ᠳᠡᠯᠭᠡᠭᠦᠷ ᠪᠤᠶᠤ ᠲᠦᠷᠭᠡᠨ ᠬᠦᠷᠭᠡᠬᠦ ᠪᠠᠷᠠᠭ᠎ᠠ ᠵᠢᠨ ᠭᠦᠢ᠍ᠯᠭᠡᠭᠡᠨ᠎ᠤ ᠦᠢ᠍ᠯᠡᠴᠢᠯᠡᠭᠡ ᠭᠡᠵᠦ ᠬᠤᠳᠠᠯ ᠬᠡᠯᠡᠵᠦ᠂ ᠬᠣᠤᠷᠯᠠᠭᠳᠠᠭᠴᠢ ᠵᠢᠨ ᠬᠤᠪᠢ ᠬᠥᠮᠦᠨ᠎ᠤ ᠵᠠᠬᠢᠶᠠᠯᠠᠭ᠎ᠠ ᠵᠢᠨ ᠮᠡᠳᠡᠭᠡ ᠵᠠᠩᠭᠢ ᠵᠢ ᠨᠠᠷᠢᠨ ᠮᠡᠳᠡᠭᠦᠯᠦᠭᠰᠡᠨ᠎ᠤ ᠳᠠᠷᠠᠭ᠎ᠠ᠂ ᠬᠣᠣᠷᠯᠠᠭᠳᠠᠭᠴᠢ᠎ᠳᠤ ᠵᠣᠭᠣᠰ ᠪᠤᠴᠠᠭ᠋ᠠᠬᠤ᠂ ᠲᠥᠯᠥᠬᠦ᠂ ᠭᠠᠶ᠋ᠢᠯᠢ ᠪᠤᠴᠠᠭ᠋ᠠᠬᠤ ᠵᠡᠷᠭᠡ᠎ᠪᠠᠷ ᠰᠢᠯᠲᠠᠭ᠋ᠠᠨ ᠪᠣᠯᠭ᠋ᠠᠵᠤ᠂ ᠬᠣᠬᠢᠷᠠᠯ ᠠᠮᠰᠠᠭᠴᠢ ᠵᠢ ᠠᠷᠭ᠋ᠠᠨ᠎ᠳᠤ ᠤᠷᠤᠭᠤᠯᠬᠤ ᠴᠥᠷᠬᠡᠯᠡᠭᠡ᠂ ᠸᠢᠴᠠᠲ ᠨᠡᠶ᠋ᠢᠲᠡ ᠵᠢᠨ ᠲᠠᠪᠴᠠᠩ ᠪᠤᠶᠤ ᠮᠡᠷᠭᠡᠨ ᠴᠤᠬᠤᠷ ᠰᠢᠷᠪᠢᠬᠦ ᠵᠡᠷᠭᠡ ᠠᠷᠭ᠎ᠠ ᠪᠠᠷᠢᠯ ᠵᠶ᠋ᠠᠷ ᠲᠤᠪᠴᠢᠳᠠᠬᠤ ᠵᠢ ᠱᠠᠭ᠋ᠠᠷᠳᠠᠵᠤ᠂ ᠬᠣᠣᠷᠯᠠᠭᠳᠠᠭᠴᠢ ᠵᠢ ᠮᠡᠬᠡᠯᠡᠵᠦ ᠪᠠᠶ᠋ᠢᠭ᠋ᠠᠳ ᠳᠠᠩᠰᠠ ᠰᠢᠯᠵᠢᠭᠦᠯᠵᠦ ᠵᠣᠭᠣᠰ ᠭᠤᠪᠢᠭᠤᠯᠤᠨ᠎ᠠ᠃

      ᠮᠡᠬᠡᠯᠡᠬᠦ ᠵᠢ ᠰᠡᠷᠭᠡᠶ᠋ᠢᠯᠡᠬᠦ ᠰᠠᠨᠠᠭᠤᠯᠤᠮᠵᠢ᠄ ᠵᠣᠭᠣᠰ ᠪᠤᠴᠠᠭ᠋ᠠᠬᠤ ᠭᠠᠢ᠌ᠯᠢ ᠪᠤᠴᠠᠭ᠋ᠠᠬᠤ᠎ᠳᠤ ᠤᠷᠢᠳᠠᠪᠠᠷ ᠵᠣᠭᠣᠰ ᠲᠤᠰᠢᠶᠠᠬᠤ ᠴᠢᠬᠤᠯᠠᠲᠠᠢ ᠪᠦᠬᠦᠨ᠎ᠢ ᠢᠳᠡᠭᠡᠵᠦ ᠪᠤᠯᠠᠬᠤ ᠦᠭᠡᠢ᠃
   

     4. ᠬᠤᠳᠠᠯ ᠬᠠᠭᠤᠷᠮᠠᠭ ᠪᠠᠷᠠᠭ᠎ᠠ ᠬᠤᠳᠠᠯᠳᠤᠨ ᠠᠪᠬᠤ ᠮᠡᠬᠡᠯᠡᠯ  

      ᠮᠡᠬᠡᠯᠡᠭᠴᠢᠳ ᠣᠬᠣᠷ ᠮᠡᠳᠡᠭᠡ  ᠂ ᠰᠦᠯᠵᠢᠶ᠎ᠡ ᠵᠡᠷᠭᠡ ᠠᠷᠭ᠎ᠠ ᠮᠠᠶᠢᠭ ᠵᠶ᠋ᠠᠷ ᠵᠠᠷ ᠮᠡᠳᠡᠭᠡ ᠨᠡᠶ᠋ᠢᠲᠡᠯᠡᠵᠦ᠂ ᠲᠠᠸᠠᠷ᠂ ᠦᠢ᠍ᠯᠡᠴᠢᠯᠡᠭᠡ ᠵᠢ ᠬᠢᠮᠳᠠ᠎ᠪᠠᠷ ᠪᠣᠷᠣᠯᠠᠭᠤᠯᠵᠤ᠂ ᠳᠠᠬᠢᠨ 《ᠭᠠᠷ ᠭᠦᠢ᠍ᠴᠡᠳᠭᠡᠯ᠎ᠤᠨ ᠵᠠᠷᠤᠳᠠᠯ᠂ ᠵᠠᠬᠢᠶᠠᠯᠠᠭ᠎ᠠ ᠵᠢᠨ ᠮᠥᠩᠭᠥ᠂ ᠤᠷᠢᠳᠴᠢᠯᠠᠨ ᠲᠤᠰᠢᠶᠠᠬᠤ ᠵᠣᠭᠣᠰ》 ᠵᠡᠷᠭᠡ ᠰᠢᠯᠲᠠᠭ᠋ᠠᠨ ᠵᠶ᠋ᠠᠷ ᠬᠣᠬᠢᠷᠠᠯ ᠠᠮᠰᠠᠭᠴᠢ ᠵᠢ ᠤᠷᠢᠳᠠᠪᠠᠷ ᠵᠣᠭᠣᠰ ᠲᠤᠰᠢᠶᠠᠬᠤ ᠵᠢ ᠱᠠᠭ᠋ᠠᠷᠳᠠᠵᠤ᠂ ᠵᠣᠭᠣᠰ᠎ᠢ ᠣᠯᠤᠭᠰᠠᠨ᠎ᠤ ᠳᠠᠷᠠᠭ᠎ᠠ᠂ ᠬᠣᠣᠷᠯᠠᠭᠳᠠᠭᠴᠢ ᠵᠢᠨ ᠬᠠᠷᠢᠯᠴᠠᠬᠤ ᠠᠷᠭ᠎ᠠ ᠮᠠᠶᠢᠭ᠎ᠢ ᠬᠠᠷ᠎ᠠ ᠳᠠᠩᠰᠠ᠎ᠳᠤ ᠤᠷᠤᠭᠤᠯᠬᠤ ᠪᠤᠶᠤ ᠬᠠᠷᠢᠯᠴᠠᠬᠤ᠎ᠪᠠᠨ ᠲᠠᠰᠤᠷᠠᠭᠤᠯᠤᠨ᠎ᠠ᠃
     

      ᠮᠡᠬᠡᠯᠡᠬᠦ ᠵᠢ ᠰᠡᠷᠭᠡᠶ᠋ᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ᠎ᠠᠴᠠ ᠶᠠᠭᠤᠮ᠎ᠠ ᠬᠤᠳᠠᠯᠳᠤᠨ ᠠᠪᠬᠤ᠎ᠳᠤ 《ᠭᠠᠷ ᠭᠦᠢ᠍ᠴᠡᠳᠭᠡᠯ᠎ᠤᠨ ᠰᠦᠢ᠍ᠳᠭᠡᠯ᠂ ᠵᠠᠬᠢᠶᠠᠯᠠᠭ᠎ᠠ ᠵᠢᠨ ᠮᠦᠩᠬᠦ᠂ ᠤᠷᠢᠳᠴᠢᠯᠠᠨ ᠲᠤᠰᠢᠶᠠᠬᠤ ᠵᠤᠭᠤᠰ》 ᠵᠡᠷᠭᠡ ᠰᠢᠯᠳᠠᠭ᠋ᠠᠨ ᠵᠶ᠋ᠠᠷ ᠤᠷᠢᠳᠠᠪᠠᠷ ᠵᠣᠭᠣᠰ ᠲᠤᠰᠢᠶᠠᠬᠤ ᠵᠢ ᠱᠠᠭ᠋ᠠᠷᠳᠠᠵᠤ ᠪᠠᠶ᠋ᠢᠪᠠᠯ ᠢᠲᠡᠭᠡᠵᠦ ᠪᠤᠯᠠᠬᠤ ᠦᠭᠡᠢ᠃


     5. ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠴᠠᠭ᠋ᠠᠬᠤ ᠬᠤᠷᠢᠶ᠎ᠠ᠂ ᠰᠢᠭᠦᠬᠦ ᠬᠣᠷᠢᠶᠠᠨ᠎ᠤ ᠲᠥᠷᠥᠯ ᠵᠶ᠋ᠠᠷ ᠣᠪᠯᠠᠨ ᠮᠡᠬᠡᠯᠡᠬᠦ

    ᠮᠡᠬᠡᠯᠡᠭᠴᠢᠳ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠴᠠᠭ᠋ᠠᠬᠤ ᠬᠤᠷᠢᠶ᠎ᠠ᠂ ᠰᠢᠭᠦᠬᠦ ᠬᠤᠷᠢᠶ᠎ᠡ ᠵᠢᠨ ᠰᠠᠯᠠᠭ᠎ᠠ ᠮᠥᠴᠢᠷ᠎ᠤᠨ ᠠᠵᠢᠯᠲᠠᠨ ᠵᠶ᠋ᠠᠷ ᠤᠪᠯᠠᠵᠦ᠂ ᠬᠣᠤᠷᠯᠠᠭᠳᠠᠭᠴᠢ ᠵᠢ ᠵᠣᠭᠣᠰ ᠤᠬᠢᠶᠠᠭᠰᠠᠨ ᠪᠤᠶᠤ ᠪᠤᠰᠤᠳ ᠶᠠᠯ᠎ᠠ ᠬᠢᠭᠰᠡᠨ ᠰᠡᠵᠢᠭᠯᠡᠭᠲᠡᠨ᠎ᠳᠤ ᠬᠤᠯᠪᠤᠭᠳᠠᠭᠰᠠᠨ ᠭᠡᠵᠦ᠂ ᠬᠣᠤᠷᠯᠠᠭᠳᠠᠭᠴᠢ ᠵᠢ ᠳᠠᠩᠰᠠ᠎ᠪᠠᠨ ᠰᠢᠯᠵᠢᠭᠦᠯᠦᠨ ᠬᠡᠷᠡᠭ ᠵᠶ᠋ᠡᠨ ᠤᠰᠠᠳᠬᠠᠬᠤ᠎ᠪᠠᠷ ᠱᠠᠭ᠋ᠠᠷᠳᠠᠨ᠎ᠠ᠃ ᠰᠡᠭᠦᠯᠡᠷ᠎ᠨᠢ 《ᠠᠮᠤᠷ ᠲᠦᠪᠰᠢᠨ᠎ᠤ ᠳᠠᠩᠰᠠᠨ ᠡᠷᠦᠬᠡ》᠎ᠢ ᠬᠠᠩᠭ᠋ᠠᠵᠤ᠂ ᠬᠣᠣᠷᠯᠠᠭᠳᠠᠭᠴᠢ ᠵᠢ ᠵᠣᠭᠣᠰ ᠭᠤᠪᠢᠭᠤᠯᠬᠤ᠎ᠪᠠᠷ ᠱᠠᠭ᠋ᠠᠷᠳᠠᠵᠤ᠂ ᠡᠭᠦᠨ᠎ᠤ ᠤᠯᠠᠮ ᠵᠶ᠋ᠠᠷ ᠮᠡᠬᠡᠯᠡᠯ ᠶᠠᠪᠤᠭᠳᠠᠭᠤᠯᠤᠨ᠎ᠠ᠃


      ᠮᠡᠬᠡᠯᠡᠬᠦ ᠵᠢ ᠰᠡᠷᠭᠡᠶ᠋ᠢᠯᠡᠬᠦ ᠰᠠᠨᠠᠭᠤᠯᠤᠮᠵᠢ᠄ ᠥᠪᠡᠷ᠎ᠢ᠎ᠪᠠᠨ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠴᠠᠭ᠋ᠠᠬᠤ ᠬᠤᠷᠢᠶ᠎ᠠ᠂ ᠰᠢᠭᠦᠬᠦ ᠬᠤᠷᠢᠶᠠᠨ᠎ᠤ ᠤᠲᠠᠰᠤ ᠭᠡᠵᠦ ᠨᠡᠷᠡᠯᠡᠨ ᠳᠠᠩᠰᠠ ᠰᠢᠯᠵᠢᠭᠦᠯᠬᠦ᠎ᠪᠠᠷ ᠱᠠᠭ᠋ᠠᠷᠳᠠᠭᠰᠠᠨ ᠪᠦᠬᠦᠨ᠎ᠢ ᠢᠲᠡᠭᠡᠵᠦ ᠪᠣᠯᠬᠤ ᠦᠭᠡᠢ᠃


























ᠢᠷᠡᠯᠲᠡ᠄ ᠳᠤᠮᠳᠠᠳᠤ ᠤᠯᠤᠰ᠎ᠤᠨ ᠴᠠᠭᠳᠠᠭ᠎ᠠ ᠵᠢᠨ ᠰᠦᠯᠵᠢᠶ᠎ᠡ