ᠰᠣᠳᠣᠨ ᠳᠠᠭᠣᠷᠢᠶᠠᠯ ᠮᠣᠩᠭᠣᠯ ᠡᠷ᠎ᠡ
ᠸᠠᠩ ᠰᠢᠶᠤᠤ ᠬᠣᠩ᠂ ᠡᠷᠡᠭᠲᠡᠶ᠂ ᠮᠣᠩᠭᠣᠯ ᠦᠨᠳᠦᠰᠦᠲᠡᠨ᠂ 1972 ᠣᠨ᠎ᠳᠤ ᠲᠦᠷᠦᠵᠡᠢ᠂ ᠳᠤᠮᠳᠠᠳᠤ ᠤᠯᠤᠰ᠎ᠤᠨ ᠡᠪ ᠬᠠᠮᠲᠣ ᠨᠠᠮ᠎ᠤᠨ ᠭᠡᠰᠢᠭᠦᠨ᠂ ᠣᠲᠣ ᠬᠣᠷᠢᠨᠭᠡᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠴᠧᠩ ᠭᠤᠸᠠᠨ ᠲᠣᠮᠢᠯᠠᠭᠰᠠᠨ ᠰᠠᠯᠪᠤᠷᠢ ᠵᠢᠨ ᠳᠠᠷᠤᠭ᠎ᠠ ᠵᠢᠨ ᠲᠤᠰᠢᠶᠠᠯ᠎ᠲᠠᠢ᠃ 1990 ᠣᠨ᠎ᠤ 12 ᠰᠠᠷ᠎ᠠ᠎ᠠᠴᠠ 1993 ᠣᠨ᠎ᠤ 12 ᠰᠠᠷ᠎ᠠ ᠪᠣᠯᠲᠠᠯ᠎ᠠ ᠱᠠᠨ ᠰᠢ ᠮᠤᠵᠢ ᠵᠢᠨ ᠶᠤᠸᠠᠨ ᠫᠢᠩ ᠬᠣᠲᠠ ᠵᠢᠨ 51375 ᠴᠡᠷᠢᠭ ᠠᠩᠭᠢ᠎ᠳᠤ ᠴᠡᠷᠢᠭ᠎ᠤᠨ ᠠᠯᠪᠠ ᠬᠠᠭ᠋ᠠᠵᠣ᠂ 1994 ᠣᠨ᠎ᠤ 4 ᠰᠠᠷ᠎ᠠ᠎ᠠᠴᠠ 2008 ᠣᠨ᠎ᠤ 12 ᠰᠠᠷ᠎ᠠ ᠪᠣᠯᠲᠠᠯ᠎ᠠ᠂ ᠥᠪᠥᠷ ᠮᠣᠩᠭᠣᠯ᠎ᠤᠨ ᠰᠢᠨ᠎ᠡ ᠪᠠᠷᠭᠤ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠠᠵᠢᠯᠯᠠᠵᠣ᠂ 2008 ᠣᠨ᠎ᠤ 12 ᠰᠠᠷ᠎ᠠ᠎ᠠᠴᠠ ᠣᠲᠣ ᠪᠣᠯᠲᠠᠯ᠎ᠠ᠂ ᠬᠣᠷᠢᠨᠭᠡᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠠᠵᠢᠯᠯᠠᠵᠣ ᠪᠠᠢ᠌ᠪᠠ᠃ ᠠᠵᠢᠯ᠎ᠤᠨ ᠪᠠᠢ᠌ᠷᠢᠨ᠎ᠳᠤ ᠭᠠᠷᠣᠭᠰᠠᠨ᠎ᠠᠴᠠ ᠨᠠᠭ᠋ᠠᠰᠢ᠂ ᠠᠶ᠋ᠢᠮᠠᠭ ᠬᠣᠲᠠ ᠬᠣᠰᠢᠭᠤ ᠰᠢᠶᠠᠨ᠎ᠤ ᠱᠠᠲᠤᠨ᠎ᠤ ᠲᠡᠷᠢᠭᠦᠨ᠎ᠤ ᠬᠤᠪᠢ ᠬᠥᠮᠦᠨ᠂ ᠬᠤᠪᠢ ᠬᠥᠮᠦᠨ᠎ᠤ ᠰᠢᠯᠢᠳᠡᠭ ᠱᠠᠩᠨᠠᠯ᠎ᠢ ᠣᠯᠠᠨᠲᠠ ᠬᠦᠷᠲᠡᠵᠦ᠂ 2006 ᠣᠨ᠎ᠤ 10 ᠰᠠᠷ᠎ᠠ᠎ᠳᠤ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠵᠢ ᠨᠢᠭᠡ ᠤᠳᠠᠭ᠎ᠠ ᠬᠦᠷᠲᠡᠵᠦ᠂ 2020 ᠣᠨ᠎ᠳᠤ ᠬᠣᠷᠢᠨᠭᠡᠷ ᠰᠢᠶᠠᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠣᠯᠭᠣᠭᠰᠠᠨ ᠬᠢᠵᠢᠭ᠎ᠢ ᠡᠰᠡᠷᠭᠦᠴᠡᠭᠰᠡᠨ ᠬᠠᠮᠤᠭ᠎ᠤᠨ ᠭᠣᠶᠣ ᠲᠡᠷᠢᠭᠦᠨ᠎ᠤ ᠬᠤᠪᠢ ᠬᠥᠮᠦᠨ (ᠰᠢᠶᠠᠨ᠎ᠤ ᠲᠣᠪᠴᠢᠶ᠎ᠠ᠎ᠠᠴᠠ ᠨᠢᠭᠡᠯᠡ ᠬᠥᠮᠦᠨ᠎ᠳᠤ ᠣᠯᠭᠣᠪᠠ) ᠪᠠ ᠬᠣᠷᠢᠨᠭᠡᠷ ᠰᠢᠶᠠᠨ᠎ᠤ ᠴᠧᠩ ᠭᠤᠸᠠᠨ ᠪᠠᠯᠭ᠋ᠠᠰᠤᠨ᠎ᠤ ᠵᠥᠪᠯᠡᠯ᠎ᠠᠴᠠ ᠣᠯᠭᠣᠭᠰᠠᠨ 2020 ᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠡᠷᠢᠭᠦᠨ᠎ᠤ ᠠᠵᠢᠯᠲᠠᠨ᠎ᠤ ᠢᠷᠠᠭᠤ ᠠᠯᠳᠠᠷ᠎ᠤᠨ ᠦᠨᠡᠮᠯᠠᠯᠢ ᠬᠦᠷᠲᠡᠪᠡ᠃ ᠣᠶ᠋ᠢᠷ᠎ᠠ᠎ᠳᠤ᠂ ᠬᠦᠬᠡᠬᠣᠲᠠ ᠵᠢᠨ ᠳᠣᠲᠣᠭ᠋ᠠᠳᠣ ᠵᠢ ᠬᠠᠮᠠᠭ᠋ᠠᠯᠠᠬᠣ ᠲᠣᠪᠴᠢᠶ᠎ᠠ ᠸᠠᠩ ᠰᠢᠶᠤᠤ ᠬᠣᠩ ᠨᠥᠬᠥᠷ᠎ᠲᠤ ᠭᠤᠷᠪᠠᠳᠤᠭ᠋ᠠᠷ ᠳᠡᠰ᠎ᠤᠨ ᠭᠠᠪᠢᠶᠠᠨᠤ ᠢᠷᠠᠭᠤ ᠠᠯᠳᠠᠷ ᠣᠯᠭᠣᠪᠠ᠃


2019 ᠣᠨ᠎ᠤ 11 ᠰᠠᠷ᠎ᠠ᠎ᠳᠤ ᠬᠣᠷᠢᠨᠬᠡᠷ ᠰᠢᠶᠠᠨ᠎ᠤ ᠳᠣᠲᠣᠭ᠋ᠠᠳᠣ ᠵᠢ ᠬᠠᠮᠠᠭ᠋ᠠᠯᠠᠬᠣ ᠲᠣᠪᠴᠢᠶ᠎ᠠ ᠵᠢᠨ ᠴᠸᠩ ᠭᠣᠸᠠᠨ ᠲᠣᠮᠢᠯᠠᠭᠰᠠᠨ ᠰᠠᠯᠪᠣᠷᠢ ᠵᠢᠨ ᠳᠠᠷᠣᠭ᠎ᠠ᠎ᠪᠠᠷ ᠲᠣᠮᠢᠯᠠᠭᠳᠠᠨ ᠠᠵᠢᠯᠯᠠᠭᠰᠠᠨ᠎ᠤ ᠳᠠᠷᠠᠭ᠎ᠠ᠂ 2020 ᠣᠨ᠎ᠤ ᠴᠠᠭ᠋ᠠᠨ ᠰᠠᠷ᠎ᠠ᠎ᠠᠴᠠ ᠡᠮᠦᠨᠡᠬᠡᠨ᠂ ᠰᠢᠨ᠎ᠡ ᠲᠢᠲᠢᠮᠯᠢᠭ ᠠᠭᠣᠰᠬᠢᠨ ᠦᠷᠪᠢᠰᠦᠯ᠎ᠨᠢ ᠪᠦᠬᠦ ᠤᠯᠤᠰ᠎ᠤᠨ ᠡᠯ᠎ᠡ ᠭᠠᠵᠠᠷ᠎ᠢ ᠨᠥᠯᠥᠭᠡᠯᠡᠪᠡ᠃ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠰᠡᠷᠭᠡᠶ᠋ᠢᠯᠡᠨ ᠡᠵᠡᠮᠳᠡᠬᠦ ᠠᠵᠢᠯ᠎ᠳᠤ ᠴᠠᠭ ᠲᠣᠬᠠᠢᠳᠤᠨᠢ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠪᠡ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠨᠠᠮ᠎ᠤᠨ ᠲᠥᠪ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠲᠤᠬᠠᠶ ᠵᠢᠨ ᠭᠠᠵᠠᠷ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠪᠦᠬᠦ ᠴᠠᠭᠳᠠᠭ᠎ᠠ ᠵᠢ ᠳᠠᠶ᠋ᠢᠴᠢᠯᠠᠵᠤ᠂ ᠠᠵᠢᠯ᠎ᠤᠨ ᠲᠣᠭᠲᠠᠴᠠ ᠵᠢ ᠦᠳᠲᠡᠷ ᠲᠦᠷᠭᠡᠨ ᠡᠬᠢᠯᠡᠭᠦᠯᠵᠦ᠂ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠯ᠎ᠡ ᠬᠢᠵᠢᠭ ᠰᠡᠷᠭᠡᠶ᠋ᠢᠯᠡᠬᠦ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠨ᠂ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠵᠡᠷᠭᠡ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃ ᠬᠣᠲᠠ᠂ ᠰᠢᠶᠠᠨ᠎ᠤ ᠲᠣᠪᠴᠢᠶᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠬᠠᠶ ᠵᠢᠭ᠋ᠠᠪᠤᠷᠢ ᠵᠢ ᠣᠯᠬᠣ᠎ᠠᠴᠠ ᠡᠮᠦᠨ᠎ᠡ᠂ ᠸᠠᠩ ᠰᠢᠶᠣᠤ ᠬᠣᠩ ᠨᠥᠬᠥᠷ ᠨᠢᠭᠡᠨᠲᠡ ᠵᠠᠯᠭ᠋ᠠᠭ᠎ᠠ᠎ᠪᠠᠷ ᠠᠷᠪᠠᠭ᠋ᠠᠳ ᠡᠳᠦᠷ ᠵᠢᠵᠢᠭᠦᠷᠯᠡᠭᠰᠡᠨ ᠪᠠᠢ᠌ᠪᠠ᠃ ᠲᠡᠷᠡ᠄ 《ᠨᠢᠭᠡ ᠰᠠᠯᠪᠣᠷᠢ ᠵᠢᠨ ᠳᠠᠷᠣᠭ᠎ᠠ ᠪᠣᠯᠣᠭᠰᠠᠨ᠎ᠤ ᠬᠣᠪᠢ᠎ᠳᠤ᠂ ᠡᠷᠬᠡᠪᠰᠢ ᠣᠯᠠᠨ᠎ᠲᠠᠢ ᠵᠢᠷᠭ᠋ᠠᠯ ᠵᠣᠪᠠᠯ ᠵᠶ᠋ᠠᠨ ᠬᠠᠮᠲᠣᠳᠬᠠᠨ᠂ ᠠᠰᠠᠭᠣᠳᠠᠯ ᠲᠣᠯᠭ᠋ᠠᠷᠠᠪᠠᠯ ᠬᠠᠮᠣᠭ᠎ᠤᠨ ᠡᠮᠦᠨ᠎ᠡ᠎ᠨᠢ ᠵᠣᠭᠰᠣᠵᠣ᠂ ᠵᠣᠪᠠᠯᠢ ᠣᠯᠠᠨ᠎ᠤ ᠡᠮᠦᠨ᠎ᠡ ᠠᠮᠰᠠᠵᠣ᠂ ᠵᠢᠷᠭ᠋ᠠᠯ᠎ᠢ ᠣᠯᠠᠨ᠎ᠠᠴᠠ ᠰᠡᠭᠦᠯ᠎ᠳᠤ ᠡᠳ᠋ᠯᠡᠬᠦ ᠬᠠᠷᠢᠭᠣᠴᠠᠯᠭ᠋ᠠᠲᠣ ᠰᠡᠳᠬᠢᠯᠭᠡ ᠡᠪᠦᠷᠯᠡᠭᠰᠡᠨ ᠪᠠᠢ᠌ᠪᠠᠯ ᠵᠣᠬᠢᠨ᠎ᠠ》 ᠭᠡᠵᠦ ᠦᠷᠭᠦᠯᠵᠢ ᠶᠠᠷᠢᠳᠠᠭ᠃ ᠲᠡᠷᠡ ᠪᠠᠰᠠ 《ᠠᠵᠢᠯ ᠵᠶ᠋ᠠᠨ ᠰᠠᠢ᠌ᠲᠣᠷ ᠪᠡᠶᠡᠯᠡᠭᠦᠯᠬᠦ ᠵᠢᠨ ᠣᠷᠢᠳᠠᠯ ᠨᠦᠭᠦᠴᠡᠯ ᠪᠣᠯ ᠳᠠᠷᠣᠢ ᠲᠣᠬᠠᠢ᠌ᠯᠭᠰᠠᠨ ᠠᠵᠢᠯ᠎ᠳᠤ᠎ᠪᠠᠨ ᠮᠡᠷᠭᠡᠰᠢᠭᠰᠡᠨ ᠪᠠᠢ᠌ᠬᠣ ᠬᠡᠷᠡᠭᠲᠡᠢ᠂ ᠲᠣᠮᠢᠯᠠᠭᠰᠠᠨ ᠰᠠᠯᠪᠣᠷᠢ᠎ᠳᠤ ᠢᠷᠡᠭᠰᠡᠨ᠎ᠤ ᠳᠠᠷᠠᠭ᠎ᠠ ᠡᠯ᠎ᠡ ᠲᠦᠷᠦᠯ᠎ᠤᠨ ᠠᠵᠢᠯ ᠮᠡᠷᠭᠡᠵᠢᠯ᠎ᠢ ᠦᠪᠡᠷ ᠵᠶ᠋ᠡᠨ ᠡᠵᠡᠮᠰᠢᠭᠰᠡᠨ᠎ᠤ ᠳᠠᠷᠠᠭ᠎ᠠ ᠰᠠᠶᠢ ᠰᠠᠯᠪᠣᠷᠢ ᠵᠢᠨ ᠪᠣᠰᠣᠳ ᠬᠦᠮᠦᠰ᠎ᠤᠨ ᠠᠵᠢᠯ ᠡᠭᠦᠷᠭᠡ ᠵᠢ ᠵᠠᠬᠢᠷᠣᠨ ᠵᠢᠯᠣᠭᠣᠳᠴᠣ ᠴᠢᠳᠠᠨ᠎ᠠ》 ᠭᠡᠨ᠎ᠡ᠃ ᠶᠠᠭ ᠡᠢ᠌ᠮᠦ᠎ᠠᠴᠠ ᠲᠡᠷᠡ ᠰᠣᠯᠠ ᠰᠡᠯᠡᠭᠦᠦ ᠴᠠᠭ ᠵᠶ᠋ᠠᠨ ᠠᠰᠢᠭᠯᠠᠨ ᠬᠠᠮᠢᠶ᠎ᠠ ᠪᠦᠬᠦᠢ ᠠᠵᠢᠯ᠎ᠤᠨ ᠲᠣᠬᠠᠢ ᠮᠡᠳᠡᠯᠭᠡ ᠵᠢ ᠰᠣᠷᠣᠯᠴᠠᠬᠣ ᠳᠠᠳᠬᠠᠯ ᠵᠶ᠋ᠠᠨ ᠪᠠᠷᠢᠮᠲᠠᠯᠠᠵᠣ᠂ ᠦᠷᠭᠦᠯᠵᠢ ᠣᠯᠠᠨ᠎ᠲᠠᠢ ᠬᠠᠮᠲᠣ ᠰᠣᠳᠣᠯᠵᠣ ᠶᠠᠷᠢᠯᠴᠠᠳᠠᠭ ᠪᠢᠯᠡ᠃


ᠪᠢᠲᠡᠭᠦᠨ᠎ᠤ ᠡᠳᠦᠷ ᠰᠠᠶᠢᠬᠠᠨ ᠵᠢᠵᠢᠭᠦᠷᠯᠡᠵᠦ ᠪᠠᠷᠠᠭ᠋ᠠᠳ ᠭᠡᠷ᠎ᠲᠤ᠎ᠪᠠᠨ ᠬᠠᠷᠢᠵᠣ ᠠᠪᠤ ᠡᠵᠢ᠎ᠲᠠᠢ᠎ᠪᠠᠨ ᠠᠭᠣᠯᠵᠠᠨ᠂ ᠭᠡᠷ᠎ᠤᠨ ᠬᠥᠮᠦᠰ᠎ᠲᠠᠢ᠎ᠪᠠᠨ ᠬᠠᠮᠲᠤ ᠪᠢᠲᠡᠭᠦᠨ᠎ᠤ ᠬᠣᠭᠣᠯᠠ ᠢᠳᠡᠬᠦ᠎ᠪᠠᠷ ᠪᠡᠯᠡᠳᠬᠡᠵᠦ ᠪᠠᠢ᠌ᠳᠠᠯ᠎ᠠ᠂ ᠬᠢᠵᠢᠭ ᠰᠡᠷᠭᠡᠢ᠌ᠯᠡᠬᠦ ᠠᠵᠢᠯ᠎ᠢ ᠳᠠᠷᠤᠶ᠋ᠢᠬᠠᠨ ᠦᠷᠨᠢᠭᠦᠯᠬᠦ ᠬᠡᠷᠡᠭᠲᠡᠶ ᠭᠡᠬᠦ ᠳᠡᠭᠡᠳᠦ ᠱᠠᠲᠤᠨ᠎ᠤ ᠵᠢᠭ᠋ᠠᠪᠤᠷᠢ ᠵᠢ ᠲᠣᠰᠪᠠ᠃ ᠭᠡᠷ᠎ᠲᠤ᠎ᠪᠠᠨ ᠬᠠᠷᠢᠭ᠋ᠠᠳ ᠬᠡᠳᠦᠬᠡᠨ ᠴᠠᠭ ᠪᠣᠯᠵᠣ᠂ ᠭᠡᠷ᠎ᠤᠨ ᠬᠥᠮᠦᠰ᠎ᠲᠠᠢ᠎ᠪᠠᠨ ᠬᠣᠭᠣᠯᠠ ᠢᠳᠡᠬᠦ ᠵᠢᠨ ᠵᠠᠪ ᠦᠭᠡᠢ ᠶᠠᠭ᠋ᠠᠷᠠᠤ ᠰᠠᠨᠳᠤᠷᠤᠤ ᠰᠥᠨᠢ ᠳᠦᠯᠢ᠎ᠪᠠᠷ ᠲᠣᠮᠢᠯᠠᠭᠰᠠᠨ ᠰᠠᠯᠪᠣᠷᠢᠳᠤᠪᠠᠨ ᠪᠣᠴᠠᠪᠠ᠃ ᠬᠢᠵᠢᠭ᠎ᠤᠨ ᠪᠠᠢ᠌ᠳᠠᠯ ᠪᠣᠯ ᠳᠠᠷᠤᠶ ᠵᠠᠷᠯᠢᠭ ᠮᠦᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠯᠪᠣᠭᠳᠠᠯ ᠪᠦᠬᠦᠢ ᠵᠠᠷᠯᠢᠭ᠎ᠢ ᠣᠯᠤᠭᠰᠠᠨ᠎ᠤ ᠳᠠᠷᠠᠭ᠎ᠠ᠂ ᠲᠡᠷᠡ ᠲᠡᠷᠡ ᠳᠠᠷᠤᠶᠳᠤᠨᠢ ᠪᠦᠬᠦ ᠠᠷᠠᠳ᠎ᠤᠨ ᠴᠠᠭᠳᠠᠭ᠎ᠠ᠂ ᠬᠠᠪᠰᠣᠷᠣᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠤᠨ ᠡᠨᠡ ᠤᠳᠠᠭ᠋ᠠᠨ᠎ᠤ ᠤᠲᠤᠭ᠎ᠠ ᠦᠭᠡᠶ ᠳᠠᠶ᠋ᠢᠨ᠎ᠳᠤ ᠡᠷᠡᠯᠬᠡᠭᠯᠡᠨ ᠪᠠᠢ᠌ᠯᠳᠣᠵᠣ᠂ ᠠᠵᠢᠯ ᠡᠭᠦᠷᠭᠡ ᠵᠢ ᠴᠠᠭ ᠲᠤᠬᠠᠶ᠎ᠳᠤᠨᠢ ᠲᠣᠬᠢᠷᠠᠭᠤᠯᠤᠨ ᠪᠠᠢ᠌ᠷᠢᠯᠠᠭᠣᠯᠵᠣ᠂ ᠬᠢᠵᠢᠭ ᠰᠡᠷᠭᠡᠶ᠋ᠢᠯᠡᠬᠦ ᠰᠠᠯᠠᠭ᠎ᠠ ᠮᠥᠴᠢᠷ᠂ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠲᠠᠢ ᠪᠦᠬᠦ ᠬᠦᠴᠦᠨ ᠵᠶ᠋ᠠᠷ ᠵᠶ᠋ᠠᠨ ᠬᠠᠮᠵᠢᠯᠴᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠷᠨᠢᠭᠦᠯᠵᠦ᠂ ᠨᠢᠭᠡᠳᠦᠭᠡᠷ ᠹᠷᠣᠨᠲ᠎ᠲᠤ 2 ᠰᠠᠷ᠎ᠠ ᠳᠠᠷᠠᠭ᠋ᠠᠯᠠᠨ 63 ᠡᠳᠦᠷ ᠡᠷᠡᠯᠬᠡᠭᠯᠡᠨ ᠪᠠᠢ᠌ᠯᠳᠣᠭᠰᠠᠨ ᠪᠠᠢ᠌ᠪᠠ᠂ ᠡᠨᠡ ᠬᠣᠭᠣᠴᠠᠭ᠋ᠠᠨ᠎ᠳᠤ ᠨᠢᠭᠡ ᠣᠳᠠᠭ᠎ᠠ ᠴᠦ᠍ ᠭᠡᠷ᠎ᠲᠤ᠎ᠪᠠᠨ ᠬᠠᠷᠢᠭᠰᠠᠨ ᠦᠭᠡᠢ᠃



ᠬᠢᠵᠢᠭ᠎ᠤᠨ ᠪᠠᠢ᠌ᠳᠠᠯ᠎ᠤᠨ ᠡᠮᠦᠨ᠎ᠡ᠂ ᠲᠡᠷᠡ ᠶᠠᠳᠠᠷᠠᠯ ᠵᠦᠳᠡᠷᠡᠯ᠎ᠢ ᠬᠠᠶ᠋ᠢᠬᠤᠷᠤᠯ ᠦᠭᠡᠢ᠂ ᠨᠢᠭᠡᠳᠦᠭᠡᠷ ᠹᠷᠣᠨᠲ᠎ᠲᠤ ᠲᠦᠷᠦᠭᠦᠯᠡᠨ ᠭᠦᠨᠵᠡᠭᠡᠶ᠋ᠢᠷᠡᠬᠦ ᠵᠢ ᠪᠠᠷᠢᠮᠲᠠᠯᠠᠵᠤ᠂ ᠭᠠᠳᠠᠨ᠎ᠠ ᠣᠷᠣᠨ᠎ᠠᠴᠠ ᠢᠷᠡᠭᠰᠡᠨ ᠭᠣᠣᠯᠳᠠᠯᠭ᠎ᠠ᠎ᠲᠠᠢ ᠲᠣᠰᠠᠭ᠋ᠠᠷᠯᠠᠬᠣ ᠬᠥᠮᠦᠰ ᠪᠠ ᠲᠡᠷᠭᠡ ᠬᠥᠰᠬᠡ᠂ ᠣᠯᠠᠨ ᠲᠦᠮᠡᠨ᠎ᠢ ᠲᠣᠬᠣᠨᠢᠭᠣᠯᠬᠣ ᠠᠵᠢᠯ᠎ᠢ ᠬᠠᠷᠢᠭᠣᠴᠠᠵᠣ᠂ ᠬᠠᠮᠢᠶ᠎ᠠ ᠪᠥᠬᠥᠶ ᠬᠠᠤᠯᠢ ᠴᠠᠭ᠋ᠠᠵᠠ ᠵᠢᠴᠢ ᠰᠡᠷᠭᠡᠶ᠋ᠢᠯᠡᠨ ᠬᠠᠮᠠᠭ᠋ᠠᠯᠠᠬᠤ ᠮᠡᠳᠡᠯᠭᠡ ᠵᠢ ᠣᠯᠠᠨ ᠲᠦᠮᠡᠨ᠎ᠳᠤ ᠤᠬᠠᠭᠤᠯᠤᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠸᠠᠩ ᠰᠢᠶᠤᠤ ᠬᠣᠩ ᠨᠥᠬᠥᠷ ᠴᠠᠭᠳᠠᠭ᠋ᠠᠨ᠎ᠤ ᠬᠦᠴᠦᠨ᠎ᠢ ᠪᠠᠴᠢᠮ ᠵᠣᠬᠢᠶᠠᠨ ᠪᠠᠶ᠋ᠢᠭᠤᠯᠵᠤ᠂ ᠬᠠᠷᠢᠶᠠᠲᠤ ᠣᠷᠣᠨ᠎ᠤ ᠳᠣᠲᠣᠷᠠᠬᠢ ᠪᠠᠭᠤᠳᠠᠯ᠂ ᠬᠣᠭᠣᠯᠠᠨ ᠭᠡᠷ᠂ ᠰᠦᠯᠵᠢᠶᠡᠨ᠎ᠤ ᠪᠠᠭ᠋ᠠᠷ᠂ KTV ᠵᠡᠷᠭᠡ ᠲᠠᠯᠠᠪᠤᠷ᠎ᠢ ᠪᠠᠢ᠌ᠴᠠᠭ᠋ᠠᠨ ᠵᠣᠭᠰᠣᠭ᠋ᠠᠪᠠ᠃ ᠡᠨᠡ ᠬᠦ᠌ ᠰᠠᠭᠤᠷᠢᠨ ᠳᠡᠭᠡᠷ᠎ᠡ᠂ ᠡᠳᠦᠷ ᠪᠦᠷᠢ ᠠᠷᠠᠳ᠎ᠤᠨ ᠴᠠᠭᠳᠠᠭ᠎ᠠ᠂ ᠬᠠᠪᠰᠣᠷᠣᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠤᠨ ᠪᠦᠬᠦ ᠬᠠᠷᠢᠶ᠎ᠠ ᠣᠷᠣᠨ᠎ᠤ ᠡᠯ᠎ᠡ ᠲᠥᠷᠥᠯ᠎ᠤᠨ ᠲᠠᠯᠠᠪᠤᠷ᠎ᠲᠤ ᠪᠠᠶ᠋ᠢᠴᠠᠭ᠋ᠠᠯᠲᠠ ᠬᠢᠬᠦ ᠵᠢᠨ ᠬᠠᠮᠲᠤ ᠡᠯ᠎ᠡ ᠲᠥᠷᠥᠯ᠎ᠤᠨ ᠲᠠᠯᠠᠪᠣᠷ ᠪᠣᠯᠤᠨ ᠲᠦᠷᠢᠶᠡᠰᠦᠨ ᠭᠡᠷ ᠪᠠᠶ᠋ᠢᠰᠢᠩ᠎ᠳᠤ ᠨᠢᠭᠤᠭᠳᠠᠵᠤ ᠮᠡᠳᠡᠬᠦ ᠮᠠᠵᠢᠶᠠᠩ ᠬᠥᠵᠥᠷ ᠵᠡᠷᠭᠡ ᠰᠢᠲᠠᠷ᠎ᠠ ᠵᠢᠨ ᠠᠵᠢᠯᠯᠠᠭ᠎ᠠ ᠵᠢ ᠭᠦᠨᠵᠡᠭᠡᠶ ᠪᠠᠢ᠌ᠴᠠᠭ᠋ᠠᠵᠣ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠢᠵᠢᠭ᠎ᠤᠨ ᠬᠠᠯᠳᠠᠪᠤᠷᠢᠯᠠᠬᠤ ᠠᠷᠭ᠎ᠠ ᠵᠠᠮ᠎ᠢ ᠪᠥᠬᠥ ᠬᠦᠴᠦᠨ ᠵᠶ᠋ᠠᠷ ᠬᠣᠷᠢᠭᠯᠠᠭᠰᠠᠨ ᠪᠠᠢ᠌ᠯ᠎ᠠ᠃ ᠡᠭᠦᠨ᠎ᠤ ᠬᠠᠮᠲᠤ᠂ ᠲᠡᠷᠡ ᠤᠯᠠᠨ ᠲᠦᠮᠡᠨ᠎ᠲᠠᠢ ᠰᠡᠳᠬᠢᠯ ᠵᠢᠷᠦᠬᠡ᠎ᠪᠠᠨ ᠬᠣᠯᠪᠣᠵᠤ᠂ ᠲᠣᠬᠠᠢ ᠵᠢᠨ ᠦᠶ᠎ᠡ᠎ᠳᠤ ᠬᠠᠮᠣᠭ᠎ᠠᠴᠠ ᠲᠣᠳᠠᠭᠳᠠᠵᠣ ᠪᠠᠢ᠌ᠭᠰᠠᠨ ᠰᠫᠢᠷᠲ᠂ ᠠᠷᠢᠭᠤᠳᠬᠠᠬᠤ ᠰᠢᠩᠭᠡᠨ ᠵᠡᠷᠭᠡ ᠬᠢᠵᠢᠭ᠎ᠠᠴᠠ ᠰᠡᠷᠭᠡᠢ᠌ᠯᠡᠬᠦ ᠡᠳ᠋ ᠪᠣᠳᠠᠰ᠎ᠢ ᠠᠶ᠋ᠢᠯ ᠡᠷᠦᠬᠡ ᠳᠠᠷᠠᠭ᠋ᠠᠯᠠᠨ ᠠᠰᠠᠭᠣᠨ ᠰᠣᠷᠠᠭᠯᠠᠵᠣ ᠠᠮᠢᠳᠤᠷᠠᠯ᠎ᠨᠢ ᠬᠦᠴᠢᠷᠳᠡᠯᠲᠡᠶ ᠣᠯᠠᠨ ᠲᠦᠮᠡᠨ᠎ᠳᠤ ᠬᠦᠷᠭᠡᠨ ᠦᠭᠴᠦ ᠪᠠᠢ᠌ᠯ᠎ᠠ᠃
ᠳᠠᠶ᠋ᠢᠴᠢᠨ ᠨᠥᠬᠥᠳ᠎ᠲᠠᠢ᠎ᠪᠠᠨ ᠬᠠᠮᠲᠤ᠎ᠪᠠᠷ ᠡᠷᠡᠯᠬᠡᠭᠯᠡᠨ ᠲᠡᠮᠡᠴᠡᠵᠦ᠂ ᠡᠳᠦᠷ᠎ᠨᠢ ᠬᠢᠵᠢᠭ᠎ᠢ ᠰᠡᠷᠭᠡᠶ᠋ᠢᠯᠡᠨ ᠡᠵᠡᠮᠳᠡᠬᠦ ᠡᠮᠦᠨ᠎ᠡ ᠹᠷᠣᠨᠲ᠎ᠲᠤ ᠠᠵᠢᠯᠯᠠᠵᠤ᠂ ᠣᠷᠣᠶ᠎ᠨᠢ ᠳᠠᠷᠤᠶ ᠵᠢᠵᠢᠭᠦᠷᠯᠡᠬᠦ ᠲᠠᠰᠤᠭ᠎ᠲᠤ ᠠᠮᠠᠷᠠᠳᠠᠭ᠃ ᠬᠤᠪᠧᠶ ᠮᠣᠵᠢ᠎ᠠᠴᠠ ᠨᠤᠲᠤᠭ᠎ᠲᠤ᠎ᠪᠠᠨ ᠪᠤᠴᠠᠭᠰᠠᠨ ᠬᠥᠮᠦᠰ᠎ᠤᠨ ᠰᠠᠭᠤᠷᠢᠰᠢᠵᠤ ᠬᠠᠮᠢᠶᠠᠷᠤᠨ ᠡᠵᠡᠮᠳᠡᠬᠦ ᠠᠵᠢᠯ᠎ᠢ ᠦᠨᠡᠨᠬᠦ ᠰᠠᠶ᠋ᠢᠲᠤᠷ ᠬᠢᠬᠦ ᠵᠢᠨ ᠲᠥᠯᠥᠭᠡ᠂ ᠲᠡᠷᠡ ᠺᠠᠳ᠋ᠷ ᠴᠠᠭᠳᠠᠭ᠎ᠠ ᠨᠠᠷ᠎ᠢ ᠳᠠᠭ᠋ᠠᠭᠤᠯᠤᠨ ᠬᠠᠷᠢᠶᠠᠲᠤ ᠣᠷᠣᠨ᠎ᠤ ᠡᠯ᠎ᠡ ᠬᠢᠵᠢᠭ᠎ᠢ ᠰᠡᠷᠭᠡᠶ᠋ᠢᠯᠡᠬᠦ ᠰᠠᠯᠠᠭ᠎ᠠ ᠮᠦᠴᠢᠷ᠎ᠲᠠᠢ ᠨᠢᠭᠲᠠ ᠬᠠᠮᠵᠢᠯᠴᠠᠵᠤ᠂ ᠬᠣᠷᠢᠨᠬᠡᠷ ᠰᠢᠶᠠᠨ᠎ᠤ ᠴᠧᠩ ᠭᠤᠸᠠᠨ ᠪᠠᠯᠭ᠋ᠠᠰᠤᠨ᠎ᠤ ᠵᠠᠰᠠᠭ᠎ᠤᠨ ᠣᠷᠳᠣᠨ᠎ᠳᠤ ᠨᠤᠲᠤᠭ᠎ᠲᠤ᠎ᠪᠠᠨ ᠪᠤᠴᠠᠭᠰᠠᠨ ᠬᠥᠮᠦᠰ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠠᠷᠢᠭᠤ ᠲᠣᠰᠬᠠᠵᠣ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠤᠯᠳᠠᠯᠭ᠎ᠠ᠎ᠲᠠᠢ ᠬᠥᠮᠦᠰ ᠵᠢᠴᠢ ᠲᠡᠷᠭᠡ ᠬᠥᠰᠬᠡ ᠵᠢᠨ ᠮᠡᠳᠡᠭᠡ ᠵᠠᠩᠭᠢ ᠵᠢ ᠡᠮᠬᠢᠯᠡᠬᠦ ᠠᠵᠢᠯ᠎ᠳᠤ ᠬᠠᠮᠵᠢᠯᠴᠠᠪᠠ᠃ ᠬᠤᠪᠸᠢ ᠣᠷᠣᠨ᠎ᠠᠴᠠ ᠪᠤᠴᠠᠵᠤ ᠢᠷᠡᠭᠰᠡᠨ ᠣᠯᠠᠨ ᠲᠦᠮᠡᠨ᠎ᠢ ᠲᠡᠷᠡ ᠨᠢᠭᠡᠳ ᠨᠢᠭᠡ᠎ᠪᠠᠷ ᠡᠷᠭᠢᠨ ᠦᠵᠡᠵᠦ᠂ ᠪᠡᠶ᠎ᠡ ᠮᠠᠬᠠᠪᠣᠳ᠎ᠤᠨ ᠪᠠᠶ᠋ᠢᠳᠠᠯ ᠪᠠ ᠠᠮᠢᠳᠤᠷᠠᠯ᠎ᠤᠨ ᠬᠡᠷᠡᠭᠴᠡᠭᠡ ᠵᠢ ᠯᠠᠪᠯᠠᠨ ᠠᠰᠠᠭᠤᠵᠤ᠂ ᠠᠶᠤᠨ ᠰᠠᠨᠳᠤᠷᠤᠭᠰᠠᠨ ᠰᠡᠳᠬᠢᠯᠭᠡ ᠵᠢ᠎ᠨᠢ ᠲᠠᠶ᠋ᠢᠳᠬᠤᠷᠠᠭᠤᠯᠤᠨᠠ᠃ ᠰᠥᠨᠢ ᠳᠦᠯᠢ᠎ᠪᠠᠷ ᠲᠡᠷᠡ ᠴᠧᠩ ᠭᠤᠸᠠᠨ ᠲᠣᠮᠢᠯᠠᠭᠰᠠᠨ ᠰᠠᠯᠪᠤᠷᠢ ᠵᠢᠨ ᠠᠷᠠᠳ ᠴᠠᠭᠳᠠᠭ᠎ᠠ ᠵᠢ ᠳᠠᠭ᠋ᠠᠭᠣᠯᠣᠨ ᠨᠢᠭᠡᠳᠦᠭᠡᠷ ᠹᠷᠣᠨᠲ᠎ᠢ ᠰᠠᠬᠢᠵᠤ ᠡᠳᠦᠷ ᠪᠦᠷᠢ ᠡᠭᠡᠯᠵᠢ ᠬᠤᠪᠢᠶᠠᠨ ᠠᠵᠢᠯ᠎ᠤᠨ ᠪᠠᠶ᠋ᠢᠷᠢᠨ᠎ᠳᠤ ᠭᠠᠷᠴᠤ᠂ 24 ᠴᠠᠭ ᠵᠶ᠋ᠠᠷ ᠴᠢᠩᠭ᠎ᠠ ᠰᠡᠷᠭᠡᠶ᠋ᠢᠯᠡᠵᠦ ᠰᠠᠬᠢᠬᠤ ᠵᠢ ᠪᠠᠲᠣᠯᠠᠵᠣ ᠪᠠᠢ᠌ᠯ᠎ᠠ᠃ ᠸᠠᠩ ᠰᠢᠶᠣᠤ ᠬᠣᠩ ᠣᠯᠠᠨ᠎ᠢ ᠵᠣᠷᠢᠭᠵᠢᠭᠤᠯᠵᠤ᠄ 《ᠬᠣᠲᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠬᠣᠲᠠ ᠵᠢᠨ ᠡᠪᠯᠡᠯ᠎ᠤᠨ ᠬᠣᠷᠢᠶ᠎ᠠ᠂ ᠰᠢᠶᠠᠨ᠎ᠤ ᠲᠣᠪᠴᠢᠶᠠᠨ᠎ᠤ ᠨᠠᠮ᠎ᠤᠨ ᠬᠣᠷᠢᠶᠠᠨ᠎ᠤ ᠡᠯ᠎ᠡ ᠱᠠᠲᠤᠨ᠎ᠤ ᠣᠳᠣᠷᠢᠳᠣᠯᠭ᠎ᠠ ᠴᠦᠮ ᠲᠣᠬᠣᠨᠢᠭᠤᠯᠬᠤ᠎ᠪᠠᠷ ᠢᠷᠡᠪᠡ᠃ ᠨᠠᠮ ᠲᠦᠷᠦ ᠵᠢᠨ ᠬᠦᠰᠡᠯ ᠨᠠᠢ᠌ᠳᠠᠯᠭ᠎ᠠ ᠵᠢ ᠪᠢᠳᠡ ᠨᠡᠩ ᠴᠤ᠌ ᠬᠥᠰᠡᠷᠳᠡᠭᠦᠯᠵᠦ ᠪᠣᠯᠬᠤ ᠦᠭᠡᠢ᠂ ᠡᠷᠬᠡᠪᠰᠢ ᠬᠢᠵᠢᠭ᠎ᠢ ᠡᠰᠡᠷᠭᠦᠴᠡᠬᠦ ᠰᠡᠷᠭᠡᠶ᠋ᠢᠯᠡᠯᠲᠡ ᠵᠢᠨ ᠱᠤᠭᠤᠮ᠎ᠢ ᠰᠠᠶ᠋ᠢᠲᠤᠷ ᠰᠠᠬᠢᠬᠤ ᠬᠡᠷᠡᠭᠲᠡᠶ》 ᠭᠡᠪᠡ᠃ ᠺᠠᠳ᠋ᠷ ᠴᠠᠭᠳᠠᠭ᠎ᠠ ᠨᠠᠷ ᠲᠡᠭᠦᠨ᠎ᠤ ᠳᠠᠭ᠋ᠠᠭᠤᠯᠭ᠎ᠠ ᠳᠣᠣᠷ᠎ᠠ ᠢᠮᠠᠭᠲᠠ ᠴᠢᠷᠮᠠᠶ᠋ᠢᠨ ᠠᠵᠢᠯᠯᠠᠵᠣ᠂ ᠬᠠᠬᠢᠷ ᠬᠦᠢ᠍ᠲᠡᠨ᠎ᠠᠴᠠ ᠠᠶᠤᠬᠤ ᠦᠭᠡᠢ᠂ ᠬᠦᠴᠢᠷ ᠪᠡᠷᠬᠡᠰᠢᠶᠡᠯ᠎ᠢ ᠢᠯᠠᠨ ᠳᠠᠪᠠᠵᠣ᠂ ᠬᠠᠷᠢᠭᠣᠴᠠᠯᠭ᠋ᠠᠲᠣ ᠰᠡᠳᠬᠢᠯᠭᠡ᠎ᠪᠠᠷ ᠵᠶ᠋ᠡᠨ ᠬᠢᠵᠢᠭ᠎ᠢ ᠰᠡᠷᠭᠡᠶ᠋ᠢᠯᠡᠬᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠣᠯᠣᠭᠰᠠᠨ ᠪᠠᠢ᠌ᠨ᠎ᠠ᠃


ᠡᠭᠦᠨ᠎ᠤ ᠬᠠᠮᠲᠤ᠂ ᠸᠠᠩ ᠰᠢᠶᠣᠤ ᠬᠣᠩ ᠨᠥᠬᠥᠷ ᠪᠠᠰᠠ ᠺᠠᠳ᠋ᠷ ᠴᠠᠭᠳᠠᠭ᠎ᠠ ᠵᠢ ᠳᠠᠭ᠋ᠠᠭᠤᠯᠤᠨ ᠬᠠᠷᠢᠶ᠎ᠠ ᠣᠷᠣᠨ᠎ᠤ ᠬᠡᠪᠴᠢᠶᠡᠨ᠎ᠳᠤ ᠣᠯᠠᠨ ᠵᠶ᠋ᠠᠷ ᠴᠣᠭᠯᠠᠷᠠᠵᠣ ᠵᠣᠭᠣᠰ ᠮᠦᠷᠦᠢ᠌ᠴᠡᠬᠦ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠬᠡᠷᠡᠭᠦᠯ ᠵᠣᠳᠣᠭ᠋ᠠᠨ ᠬᠢᠬᠦ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠴᠦ᠂ ᠴᠠᠭ ᠲᠤᠬᠠᠶ᠎ᠳᠤᠨᠢ ᠬᠡᠷᠡᠭ᠎ᠤᠨ ᠲᠠᠯᠠᠪᠠᠢ᠎ᠳᠤ ᠬᠦᠷᠴᠦ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠡᠯ᠎ᠡ ᠲᠥᠷᠥᠯ᠎ᠤᠨ ᠬᠠᠣᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠣᠷᠢᠭᠯᠠᠨ ᠵᠣᠭᠰᠣᠭ᠋ᠠᠵᠤ᠂ ᠬᠠᠷᠢᠶ᠎ᠠ ᠣᠷᠣᠨ᠎ᠤ ᠣᠯᠠᠨ ᠲᠦᠮᠡᠨ᠎ᠤ ᠠᠮᠤᠷ ᠲᠣᠭᠲᠠᠭᠤᠨ᠎ᠢ ᠰᠠᠬᠢᠨ ᠬᠠᠮᠠᠭ᠋ᠠᠯᠠᠵᠤ᠂ ᠨᠡᠶ᠋ᠢᠭᠡᠮ᠎ᠤᠨ ᠲᠣᠭᠲᠠᠭᠤᠨ ᠡᠮᠬᠢ ᠳᠢᠭᠯᠢᠮ᠎ᠢ ᠪᠠᠲᠤᠯᠠᠨ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠵᠢᠴᠢ ᠡᠳ᠋ ᠬᠥᠷᠥᠩᠭᠡ ᠵᠢᠨ ᠠᠮᠤᠷ ᠲᠦᠪᠰᠢᠨ᠎ᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠬᠤ ᠵᠢ ᠦᠨᠡᠨᠬᠦ ᠪᠠᠲᠣᠯᠠᠭᠰᠠᠨ ᠪᠠᠢ᠌ᠨ᠎ᠠ᠃
26 ᠵᠢᠯ᠂ ᠸᠠᠩ ᠰᠢᠶᠣᠣ ᠬᠣᠩ ᠬᠠᠮᠣᠭ᠎ᠤᠨ ᠡᠷᠬᠢᠮ ᠨᠠᠨᠳᠢᠨ ᠵᠠᠯᠠᠭᠣ ᠨᠠᠰᠣ᠎ᠪᠠᠨ ᠳᠣᠲᠣᠭ᠋ᠠᠳᠣ ᠵᠢ ᠬᠠᠮᠠᠭ᠋ᠠᠯᠠᠬᠣ ᠦᠢ᠍ᠯᠡᠰ᠎ᠲᠤ ᠪᠣᠴᠠᠯᠲᠠ ᠦᠭᠡᠢ ᠵᠣᠷᠢᠭᠣᠯᠵᠣ᠂ ᠨᠢᠭᠡᠨ ᠰᠢᠯᠢᠳᠡᠭ ᠳᠣᠲᠣᠭ᠋ᠠᠳᠣ ᠵᠢ ᠬᠠᠮᠠᠭ᠋ᠠᠯᠠᠬᠣ ᠮᠣᠩᠭᠣᠯ ᠪᠠᠢ᠌ᠯᠳᠣᠭᠴᠢ ᠵᠢᠨ ᠦᠨᠡᠨᠴᠢ ᠰᠢᠳᠣᠷᠭᠣ ᠪᠠ ᠡᠭᠦᠷᠭᠡ ᠬᠠᠷᠢᠭᠣᠴᠠᠯᠭ᠎ᠠ ᠵᠢ ᠦᠢ᠍ᠯᠡᠳᠦᠯᠭᠡᠵᠢᠭᠦᠯᠵᠦ ᠶᠠᠪᠣᠭ᠎ᠠ ᠶᠣᠮ᠃